| 8 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠠᠵᠤ ᠠᠬᠤᠶᠢᠯᠠᠯ ᠤᠨ | ᠠᠵᠢᠯᠯᠠᠭᠠᠨ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ | ᠵᠢᠯᠣᠭᠤᠳᠪᠠ᠃ ᠬᠤᠳᠠ ᠶᠢᠨ ᠤᠳᠤᠷᠢᠳᠤᠯᠭ᠎ᠠ ᠸᠧᠢ ᠭᠦᠸᠧ ᠴᠦᠨ᠂ ᠵᠠᠩ ᠰᠢᠨ᠂ ᠵᠠᠩ ᠶᠦᠩ ᠵᠢᠶᠦ᠋ᠨ᠂ ᠵᠧᠦ | ᠵᠢᠶᠠᠨ ᠫᠢᠩ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | | ᠯᠢ ᠶᠢᠩ ᠤᠷᠢᠳ ᠬᠤᠵᠢᠳ ᠵᠢᠩ ᠯᠧᠢ᠂ ᠱᠠᠩ ᠲᠠᠢ᠂ ᠰᠢᠨ ᠲᠠᠢ ᠶᠤᠸᠠᠨ᠂ ᠰᠠᠨ ᠠᠢ ᠹᠦ᠋᠂ ᠭᠦᠸᠧ ᠠᠨ᠂ | ᠲᠦᠩ ᠱᠧᠩ ᠵᠡᠷᠭᠡ ᠺᠣᠮᠫᠠᠨᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠨᠠᠷᠢᠨ ᠣᠶᠢᠯᠠᠭᠠᠪᠠ᠃ | | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢᠨ ᠬᠦᠴᠦᠲᠡᠢ ᠲᠤᠯᠭᠠᠭᠤᠷᠢᠯᠠᠯ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠠᠰᠠᠭᠤᠳᠠᠯ | ᠪᠣᠯᠣᠨ ᠬᠦᠴᠢᠷᠳᠡᠯ ᠢ ᠰᠡᠳᠬᠢᠯ ᠲᠠᠯᠪᠢᠨ ᠰᠢᠢᠳᠪᠦᠷᠢᠯᠡᠵᠦ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠡᠯ᠎ᠡ | ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠵᠤ᠂ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠢᠨᠠᠨ | ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ | ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠬᠡᠵᠦ ᠯᠢ | ᠶᠢᠩ ᠴᠢᠬᠤᠯᠠᠴᠢᠯᠠᠪᠠ᠃ | | | | ᠵᠣᠬᠢᠶᠠᠭᠴᠢ᠄ ᠴᠧᠨ ᠸᠧᠨ ᠵᠢᠶᠧ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |