| 8 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠳᠠ ᠶᠢᠨ | ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠬᠦᠳᠡ ᠬᠤᠷᠠᠯ ᠢ ᠬᠤᠳᠠ ᠶᠢᠨ ᠲᠥᠯᠥᠪᠵᠢᠭᠦᠯᠭᠡ ᠶᠢᠨ | ᠦᠵᠡᠰᠬᠦᠯᠡᠩ ᠤᠨ ᠣᠷᠳᠣᠨ ᠳᠤ ᠬᠤᠷᠠᠯᠳᠤᠭᠤᠯᠪᠠ᠃ | | ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠢᠨ ᠡᠷᠬᠢᠯᠡᠪᠡ᠃ | ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠡᠮᠦᠨ᠎ᠡ ᠠᠴᠠ ᠪᠥᠬᠦᠳᠡ ᠬᠤᠷᠠᠯ ᠳᠤ ᠠᠵᠢᠯ ᠢᠶᠠᠨ ᠮᠡᠳᠡᠭᠦᠯᠬᠦ ᠶᠢᠨ ᠬᠠᠮᠲᠤ ︽ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠹᠧᠩᠵᠧᠨ ᠬᠤᠳᠠ ᠶᠢᠨ ᠨᠠᠮ ᠤᠨ ᠬᠤᠷᠢᠶᠠᠨ ᠤ ᠬᠡᠷᠡᠭᠵᠢᠭᠦᠯᠬᠦ | ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠶ ᠲᠣᠳᠣᠷᠬᠠᠶᠢᠯᠠᠯᠲᠠ ᠬᠢᠪᠡ᠃ | ᠡᠨᠡ ᠤᠳᠠᠭ᠎ᠠ ᠶᠢᠨ ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ | ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠹᠧᠩᠵᠧᠨ ᠬᠤᠲᠠ ᠶᠢᠨ ᠨᠠᠮ ᠤᠨ | ᠬᠤᠷᠢᠶ᠎ᠠ ᠶᠢᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | | | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠰᠠᠨ ᠨᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |