| ᠣᠶᠢᠷ᠎ᠠ ᠶᠢᠨ ᠵᠢᠯ ᠤᠨ ᠲᠤᠷᠰᠢ᠂ ᠹᠧᠩᠵᠧᠨ ᠬᠤᠲᠠ ᠶᠢᠨ ᠬᠢᠨ ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ | ᠢᠨᠵᠧᠨᠧᠷᠢᠩ ᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ | ᠬᠡᠮᠵᠢᠶ᠎ᠡ ᠪᠣᠯᠭᠠᠵᠤ᠂ ᠣᠯᠠᠨ ᠲᠦᠮᠡᠨ ᠬᠠᠨᠤᠮᠵᠢᠲᠠᠶ ᠪᠠᠶᠢᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠪᠥᠬᠦ ᠲᠠᠯ᠎ᠠ ᠪᠠᠷ ᠲᠠᠰ ᠳᠡᠪᠰᠢᠬᠦ ᠶᠢ | ᠦᠷᠭᠦᠯᠵᠢᠯᠡᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠪᠡ᠃ | | ᠶᠤᠸᠠᠨ ᠱᠠᠨ ᠽᠢ ᠰᠢᠶᠠᠩ ᠤᠨ ᠶᠤᠸᠠᠨ ᠱᠠᠨ ᠽᠢ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠳᠤ ᠬᠠᠭᠤᠴᠢᠨ ᠭᠡᠷ | ᠪᠠᠶᠢᠰᠢᠩ ᠢ ᠪᠦᠬᠦ ᠲᠠᠯ᠎ᠠ ᠪᠠᠷ ᠰᠡᠯᠪᠢᠨ ᠵᠠᠰᠠᠵᠤ᠂ ᠭᠠᠳᠠᠷ ᠪᠠᠶᠢᠳᠠᠯ ᠨᠢ ᠴᠣ ᠰᠢᠨ᠎ᠡ ᠪᠠᠶᠢᠳᠠᠯ ᠲᠠᠢ ᠪᠣᠯᠤᠭᠰᠠᠨ ᠢᠶᠠᠷ ᠪᠠᠷᠠᠬᠤ | ᠦᠭᠡᠢ᠂ ᠳᠣᠲᠣᠭᠠᠳᠤ ᠶᠢᠨ ᠳᠤᠯᠠᠭᠠᠯᠠᠬᠤ ᠴᠢᠳᠠᠪᠬᠢ ᠨᠢ ᠴᠦ ᠢᠯᠡᠳᠲᠡ ᠳᠡᠭᠡᠭᠰᠢᠯᠡᠵᠦ᠂ ᠨᠠᠰᠤᠲᠠᠶᠢᠴᠤᠳ ᠲᠤ ᠨᠡᠩ ᠠᠮᠤᠷ | ᠲᠦᠪᠰᠢᠨ᠂ ᠲᠠᠭᠠᠯᠠᠮᠵᠢᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠠᠩᠭᠠᠵᠤ ᠪᠠᠶᠢᠬᠤ ᠶᠢ ᠰᠤᠷᠪᠤᠯᠵᠢᠯᠠᠬᠴᠢ | ᠤᠯᠵᠤ ᠬᠠᠷᠠᠪᠠ᠃ ᠲᠣᠰᠬᠤᠨ ᠤ ᠳᠦᠷᠰᠦ ᠪᠠᠶᠢᠳᠠᠯ ᠢ ᠭᠤᠶᠣᠯᠠᠬᠤ ᠨᠢ ᠵᠣᠯ ᠵᠢᠷᠭᠠᠯ ᠤᠨ ᠬᠦᠷᠢᠶᠡᠯᠡᠩ ᠤᠨ ᠡᠷᠭᠢᠨ | ᠲᠣᠭᠤᠷᠢᠨ ᠤ ᠣᠷᠴᠢᠨ ᠲᠣᠭᠤᠷᠢᠨ ᠢ ᠨᠠᠩ ᠭᠤᠶᠤ ᠰᠠᠶᠢᠬᠠᠨ ᠪᠣᠯᠭᠠᠵᠤ᠂ ᠨᠠᠰᠤᠲᠠᠶᠢᠴᠤᠳ ᠲᠤ ᠨᠠᠮ ᠵᠢᠮ᠂ ᠲᠠᠭᠠᠯᠠᠮᠵᠢᠲᠠᠢ | ᠣᠷᠣᠨ ᠰᠠᠭᠤᠴᠠ ᠶᠢᠨ ᠠᠭᠤᠷ ᠠᠮᠢᠰᠬᠤᠯ ᠢ ᠪᠣᠶ ᠪᠣᠯᠭᠠᠵᠤ ᠦᠭᠪᠡ᠃ | | | | | | ᠥᠭᠡᠷᠡᠴᠢᠯᠡᠨ ᠪᠠᠶᠢᠭᠤᠯᠬᠤ ᠢᠨᠵᠧᠨᠧᠷᠢᠩ ᠨᠢ ᠵᠣᠯ ᠵᠢᠷᠭᠠᠯ ᠤᠨ ᠬᠦᠷᠢᠶᠡᠯᠡᠩ ᠤᠨ ᠤᠰᠤᠨ ᠠᠰᠢᠭᠯᠠᠯᠲᠠ ᠶᠢᠨ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠨᠠᠰᠤᠲᠠᠶᠢᠴᠤᠳ ᠤᠨ ᠤᠰᠤ ᠬᠡᠷᠡᠭᠯᠡᠬᠦ ᠠᠮᠤᠷ ᠲᠦᠪᠰᠢᠨ ᠢ | ᠪᠦᠲᠦᠮᠵᠢᠲᠡᠶ ᠰᠢᠢᠳᠪᠦᠷᠢᠯᠡᠵᠦ᠂ ᠨᠠᠰᠤᠲᠠᠶᠢᠴᠤᠳ ᠤᠨ ᠴᠡᠪᠡᠷ ᠤᠰᠤᠨ ᠤ ᠡᠬᠢ ᠪᠠᠶᠠᠯᠢᠭ ᠢ ᠴᠠᠭ ᠲᠤᠬᠠᠢ ᠳᠤᠨᠢ ᠡᠳ᠋ᠯᠡᠬᠦ ᠶᠢ | ᠪᠠᠲᠤᠯᠠᠪᠠ᠃ ᠲᠣᠭᠤᠭᠠᠨ ᠭᠡᠷ ᠪᠠ ᠵᠣᠷᠯᠣᠩ ᠢ ᠣᠳᠣᠬᠢᠴᠢᠯᠠᠭᠰᠠᠨ ᠥᠭᠡᠷᠡᠴᠢᠯᠡᠯᠲᠡ ᠨᠢ ᠡᠷᠡᠭᠦᠯ ᠬᠠᠮᠠᠭᠠᠯᠠᠯ ᠤᠨ | ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠬᠥᠮᠥᠡᠯᠢᠭ ᠵᠢᠷᠤᠭ ᠲᠥᠯᠥᠪᠯᠡᠭᠡ ᠪᠠᠷ ᠳᠠᠮᠵᠢᠭᠤᠯᠤᠨ᠂ | ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠳᠤ ᠲᠤᠶᠢᠯ ᠤᠨ ᠶᠡᠭᠡ ᠲᠥᠬᠦᠮ ᠦᠵᠡᠭᠦᠯᠵᠦ᠂ ᠠᠮᠢᠳᠤᠷᠠᠯ ᠤᠨ | ᠳᠤᠮᠳᠠᠬᠢ ᠳᠥᠭᠦᠮ ᠦᠭᠡᠢ ᠪᠠ ᠠᠮᠤᠷ ᠲᠦᠪᠰᠢᠨ ᠤ ᠳᠠᠯᠳᠠ ᠬᠡᠮ ᠢ ᠪᠠᠭᠠᠰᠬᠠᠪᠠ᠃ ᠴᠠᠬᠢᠯᠭᠠᠨ ᠬᠡᠯᠬᠢᠶ᠎ᠡ ᠶᠢᠨ | ᠥᠭᠡᠷᠡᠴᠢᠯᠡᠯᠲᠡ ᠨᠢ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠪᠠᠲᠤᠯᠠᠵᠤ᠂ ᠵᠣᠯ ᠵᠢᠷᠭᠠᠯ ᠤᠨ ᠬᠦᠷᠢᠶᠡᠯᠡᠩ ᠳᠤ ᠲᠣᠭᠲᠠᠭᠤᠨ | ᠪᠥᠭᠡᠳ ᠨᠠᠶᠢᠳᠠᠪᠤᠷᠢᠲᠠᠢ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠵᠤ᠂ ᠨᠠᠰᠤᠲᠠᠶᠢᠴᠤᠳ ᠤᠨ ᠠᠮᠢᠳᠤᠷᠠᠯ ᠢ ᠨᠠᠩ ᠰᠠᠨᠠᠭ᠎ᠠ | ᠠᠮᠤᠷ ᠪᠣᠯᠭᠠᠪᠠ᠃ | | ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠢᠨᠵᠧᠨᠧᠷᠢᠩ ᠢ ᠬᠡᠷᠡᠭᠵᠢᠭᠦᠯᠬᠦ ᠪᠠᠷ ᠳᠡᠮᠵᠢᠨ᠂ ᠵᠣᠯ ᠵᠢᠷᠭᠠᠯ ᠤᠨ | ᠬᠦᠷᠢᠶᠡᠯᠡᠩ ᠤᠨ ᠣᠷᠴᠢᠨ ᠲᠣᠭᠤᠷᠢᠨ ᠨᠠᠩ ᠭᠤᠶᠣ ᠰᠠᠶᠢᠬᠠᠨ ᠴᠡᠪᠡᠷ ᠴᠡᠮᠴᠡᠭᠡᠷ᠂ ᠭᠡᠷ ᠪᠠᠶᠢᠰᠢᠩ ᠨᠠᠩ ᠳᠤᠯᠠᠭᠠᠨ | ᠲᠠᠭᠠᠯᠠᠮᠵᠢᠲᠠᠢ᠂ ᠣᠯᠠᠨ ᠨᠡᠶᠢᠲᠡ ᠶᠢᠨ ᠲᠥᠬᠦᠭᠡᠷᠦᠮᠵᠢ ᠨᠠᠩ ᠨᠠᠰᠤᠲᠠᠨ ᠳᠤ ᠲᠤᠬᠢᠷᠠᠵᠤ᠂ ᠵᠣᠯ ᠵᠢᠷᠭᠠᠯ ᠤᠨ | ᠬᠦᠷᠢᠶᠡᠯᠡᠩ ᠤᠨ ᠣᠯᠠᠨ ᠲᠦᠮᠡᠨ ᠤ ᠵᠣᠷᠯᠣᠩ ᠬᠡᠷᠡᠭᠯᠡᠬᠦ ᠳᠤ ᠨᠠᠩ ᠲᠥᠬᠦᠮ ᠦᠵᠡᠭᠦᠯᠵᠦ᠂ ᠳᠤᠯᠠᠭᠠᠯᠠᠭ᠎ᠠ ᠨᠢ ᠨᠠᠩ | ᠠᠷᠢᠭᠤᠨ ᠴᠡᠪᠡᠷ ᠪᠤᠯᠵᠤ᠂ ᠵᠣᠯ ᠵᠢᠷᠭᠠᠯ ᠤᠨ ᠬᠦᠷᠢᠶᠡᠯᠡᠩ ᠤᠨ ᠣᠷᠣᠨ ᠰᠠᠭᠤᠴᠠ ᠶᠢᠨ ᠲᠠᠭᠠᠯᠠᠮᠵᠢᠲᠠᠢ ᠪᠥᠭᠡᠳ ᠳᠥᠭᠦᠮ | ᠳᠥᠲᠡ᠂ ᠬᠠᠨᠤᠮᠵᠢ ᠶᠢᠨ ᠬᠡᠮᠵᠢᠶ᠎ᠡ ᠨᠢ ᠤᠯᠠᠮ ᠨᠢᠭᠡ ᠠᠯᠬᠤᠮ ᠳᠡᠭᠡᠭᠰᠢᠯᠡᠵᠦ᠂ ᠨᠠᠰᠤᠲᠠᠶᠢᠴᠤᠳ ᠤᠨ ᠬᠦᠷᠲᠡᠮᠵᠢ ᠶᠢᠨ | ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠮᠡᠳᠡᠭᠳᠡᠮ᠎ᠡ ᠰᠠᠶᠢᠨ ᠪᠣᠯᠪᠠ᠃ | | | | ᠵᠣᠬᠢᠶᠠᠭᠴᠢ᠄ ᠭᠦᠸᠧ ᠾᠦᠢ ᠮᠢᠨ ᠶᠠᠨ ᠰᠢᠶᠠ ᠹᠧᠢ | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |