ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠤᠲᠠ ᠶᠢᠨ ᠲᠤᠭᠤᠷᠢᠭ ᠤᠨ ᠲᠤᠮᠳᠠ ᠬᠦᠨᠳᠦ ᠬᠡᠯᠪᠡᠷᠢ ᠶᠢᠨ ︵ᠰᠢᠷ᠎ᠠ ᠫᠠᠶᠢᠰᠠᠳᠤ︶ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠢᠵᠠᠭᠠᠷᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/8/22
   ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠴᠡᠪᠡᠷᠰᠢᠭᠦᠯᠵᠦ᠂ ᠵᠠᠮ ᠤᠨ ᠭᠠᠳᠠᠷᠭᠤ ᠨᠡᠪᠲᠡᠷᠡᠬᠦ ᠡᠮᠬᠢ ᠳᠢᠭᠯᠢᠮ ᠢ ᠰᠠᠶᠢᠵᠢᠷᠠᠭᠤᠯᠤᠨ  ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠨ ᠪᠠᠭᠠᠰᠬᠠᠬᠤ ᠶᠢᠨ ᠲᠥᠯᠥᠭᠡ᠂ ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠤᠲᠠ ᠶᠢᠨ ᠲᠣᠭᠤᠷᠢᠭ ᠤᠨ ᠶᠢᠩ ᠪᠢᠨ ᠶᠡᠭᠡ ᠵᠡᠭᠡᠯᠢ ︵ᠡᠷᠢᠶᠡᠨ—ᠭᠤᠸᠠᠩᠵᠧᠦ ᠶᠢᠨ ᠲᠦᠷᠭᠡᠨ ᠬᠤᠷᠳᠤᠴᠠᠳᠤ ᠵᠠᠮ ᠤᠨ ᠠᠭᠤᠯᠵᠠᠷ︶ ᠡᠸᠤ ᠵᠸᠤ ᠴᠧᠩ ᠲᠣᠨᠣᠯᠵᠢᠨ ᠵᠠᠮ᠂ ᠰᠢᠭᠦᠭᠦ ᠬᠤᠷᠢᠶᠠᠨ ᠤ ᠲᠣᠨᠣᠯᠵᠢᠨ ᠵᠠᠮ᠂ ᠺᠠᠢ ᠳ᠋ᠢ ᠰᠧ ᠲᠣᠨᠣᠯᠵᠢᠨ ᠵᠠᠮ᠂ ᠯᠢ ᠶᠤᠸᠠᠨ ᠲᠣᠨᠣᠯᠵᠢᠨ ᠵᠠᠮ ᠤᠨ ᠠᠭᠤᠯᠵᠠᠷ᠂ ᠤᠯᠤᠰ ᠤᠨ ᠭᠠᠵᠠᠷ ᠰᠢᠷᠦᠢ ᠶᠢᠨ ᠲᠣᠪᠴᠢᠶ᠎ᠠ ᠶᠢᠨ ᠳ᠋ᠢᠩ ᠦᠰᠦᠭ ᠤᠨ ᠵᠠᠮ ᠤᠨ ᠠᠭᠤᠯᠵᠠᠷ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠶᠢᠲᠤ ᠲᠣᠨᠣᠯᠵᠢᠨ ᠵᠠᠮ ᠤᠨ ᠬᠡᠰᠡᠭ ᠲᠤ ᠳᠤᠮᠳᠠ᠂ ᠬᠦᠨᠳᠦ ᠬᠡᠯᠪᠡᠷᠢ ᠶᠢᠨ ︵ᠰᠢᠷ᠎ᠠ ᠫᠠᠶᠢᠰᠠᠳᠤ︶ ᠪᠠ ᠲᠣᠮᠣ ᠬᠡᠯᠪᠡᠷᠢ ᠶᠢᠨ ᠮᠠᠰᠢᠨ ᠲᠡᠷᠭᠡᠨ ᠤ ᠵᠠᠮ ᠱᠤᠭᠤᠮ ᠢ ᠳᠤᠮᠳᠠ᠂ ᠬᠦᠨᠳᠦ ᠬᠡᠯᠪᠡᠷᠢ ᠶᠢᠨ ︵ᠰᠢᠷ᠎ᠠ ᠫᠠᠶᠢᠰᠠᠳᠤ︶ ᠵᠠᠮ ᠪᠣᠯᠭᠠᠨ ᠲᠣᠬᠢᠷᠠᠭᠤᠯᠬᠤ ᠪᠠᠷ ᠲᠣᠭᠲᠠᠪᠠ᠃    ᠨᠢᠭᠡ᠂ ᠶᠠᠪᠤᠬᠤ ᠶᠢ ᠴᠠᠭᠠᠵᠠᠯᠠᠭᠰᠠᠨ ᠵᠠᠮ ᠤᠨ ᠬᠡᠰᠡᠭ᠄ ᠶᠢᠩ ᠪᠢᠨ ᠶᠡᠭᠡ ᠵᠡᠭᠡᠯᠢ ︵ᠡᠷᠢᠶᠡᠨ—ᠭᠤᠸᠠᠩᠵᠧᠦ ᠶᠢᠨ ᠲᠦᠷᠭᠡᠨ ᠬᠤᠷᠳᠤᠴᠠᠳᠤ ᠵᠠᠮ ᠤᠨ ᠬᠥᠭᠦᠷᠭᠡ ᠠᠴᠠ ᠤᠯᠤᠰ ᠤᠨ ᠨᠤᠲᠤᠭ ᠳᠡᠪᠢᠰᠬᠡᠷ ᠤᠨ ᠲᠣᠪᠴᠢᠶ᠎ᠠ ᠬᠦᠷᠬᠦ ᠵᠠᠮ ᠤᠨ ᠠᠭᠤᠯᠵᠠᠷ︶᠂ ᠡᠸᠦ ᠵᠸᠦ ᠴᠧᠩ ᠤᠨ ᠲᠣᠨᠣᠯᠵᠢᠨ ᠵᠠᠮ᠂ ᠰᠢᠭᠦᠬᠦ ᠬᠤᠷᠢᠶᠠᠨ ᠤ ᠲᠣᠨᠣᠯᠵᠢᠨ ᠠᠭᠤᠯᠵᠠᠷ᠂ ᠺᠠᠢ ᠳ᠋ᠢ ᠰᠧ ᠲᠣᠨᠣᠯᠵᠢᠨ ᠵᠠᠮ ᠤᠨ ᠠᠭᠤᠯᠵᠠᠷ᠂ ᠯᠢ ᠶᠤᠸᠠᠨ ᠲᠣᠨᠣᠯᠵᠢᠨ ᠵᠠᠮ ᠤᠨ ᠠᠭᠤᠯᠵᠠᠷ᠂ ᠤᠯᠤᠰ ᠤᠨ ᠨᠤᠲᠤᠭ ᠳᠡᠪᠢᠰᠬᠡᠷ ᠤᠨ ᠲᠣᠪᠴᠢᠶ᠎ᠠ ᠶᠢᠨ ᠳ᠋ᠢᠩ ᠥᠰᠥᠭ ᠵᠠᠮ ᠤᠨ ᠠᠭᠤᠯᠵᠠᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠶᠢᠲᠤ ᠲᠣᠨᠣᠯᠵᠢᠨ ᠵᠠᠮ ᠤᠨ ᠠᠭᠤᠯᠵᠠᠷ᠃    ᠬᠤᠶᠠᠷ᠂ ᠬᠤᠷᠢᠭᠳᠠᠭᠰᠠᠨ ᠴᠠᠭ ᠬᠤᠭᠤᠴᠠᠭ᠎ᠠ᠄ ᠪᠦᠬᠦᠯᠢ ᠡᠳᠦᠷ᠃    ᠭᠤᠷᠪᠠ᠂ ᠰᠡᠭᠦᠳᠡᠷᠯᠡᠬᠦ ᠠᠷᠭ᠎ᠠ ᠮᠠᠶ᠋ᠢᠭ᠄ ᠲᠣᠭᠲᠠᠮᠠᠯ ᠮᠠᠶ᠋ᠢᠭ ᠤᠨ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠤᠶᠤ ᠠᠷᠠᠳ ᠤᠨ ᠴᠠᠭᠳᠠᠭ᠎ᠠ ᠳᠦᠷᠰᠦ ᠰᠢᠩᠭᠡᠭᠡᠬᠦ ᠲᠥᠬᠦᠭᠡᠷᠦᠮᠵᠢ ᠶᠢ ᠬᠡᠷᠡᠭᠯᠡᠵᠦ᠂  ᠬᠠᠤᠯᠢ ᠶᠣᠰᠣᠭᠠᠷ ᠰᠢᠭᠤᠳ ᠦᠨ᠎ᠡ ᠠᠪᠴᠤ ᠭᠡᠷᠡᠴᠢ ᠠᠪᠤᠭᠰᠠᠨ ᠤ ᠳᠠᠷᠠᠭ᠎ᠠ ᠬᠠᠤᠯᠢ ᠶᠢ ᠵᠥᠷᠢᠴᠡᠭᠰᠡᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠤᠨ᠎ᠠ᠃    ᠳᠥᠷᠪᠡ᠂ ᠬᠡᠷᠡᠭᠵᠢᠭᠦᠯᠬᠦ ᠱᠠᠭᠠᠷᠳᠠᠯᠭ᠎ᠠ᠄    1. ᠪᠣᠶ ᠪᠦᠬᠦᠢ ᠳᠤᠮᠳᠠ᠂ ᠬᠦᠨᠳᠦ ᠬᠡᠯᠪᠡᠷᠢ ᠶᠢᠨ ︵ᠰᠢᠷ᠎ᠠ ᠫᠠᠶᠢᠰᠠᠳᠤ︶ ᠪᠠ ᠲᠣᠮᠣ ᠬᠡᠯᠪᠡᠷᠢ ᠶᠢᠨ ᠲᠡᠷᠭᠡ ᠬᠥᠰᠬᠡ ᠶᠢᠨ ᠵᠢᠯᠣᠭᠤᠴᠢ ᠴᠠᠭᠠᠵᠠᠯᠠᠬᠤ ᠵᠠᠷᠯᠢᠭ ᠤᠨ ᠲᠣᠭᠲᠠᠭᠠᠯ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠴᠢᠩᠭ᠎ᠠ ᠵᠢᠷᠤᠮᠯᠠᠬᠤ ᠬᠡᠷᠡᠭᠲᠡᠢ᠃    2. ᠴᠠᠭᠠᠵᠠᠯᠠᠬᠤ ᠵᠠᠷᠯᠢᠭ ᠢ ᠵᠥᠷᠢᠴᠡᠭᠰᠡᠨ ᠲᠡᠷᠭᠡ ᠬᠥᠰᠬᠡ ᠬᠢᠭᠡᠳ ᠵᠢᠯᠣᠭᠤᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢ ᠬᠡᠷᠡᠭᠵᠢᠭᠦᠯᠬᠦ ᠳᠦᠷᠢᠮ︾ ᠢ ᠦᠨᠳᠦᠰᠦᠯᠡᠨ 1 ᠬᠤᠪᠢ ᠲᠡᠮᠳᠡᠭᠯᠡᠵᠦ᠂ 150 ᠲᠥᠭᠦᠷᠢᠭ ᠢᠶᠠᠷ ᠲᠣᠷᠭᠠᠨ᠎ᠠ᠃    3. ᠲᠣᠰ ᠠᠯᠪᠠᠨ ᠵᠠᠷ ᠢ 2024 ᠣᠨ ᠤ 8 ᠰᠠᠷ᠎ᠠ ᠶᠢᠨ 23 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠥᠷᠭᠡᠨ ᠣᠯᠠᠨ ᠮᠠᠰᠢᠨ ᠲᠡᠷᠭᠡᠨ ᠤ ᠵᠢᠯᠣᠭᠤᠴᠢ ᠴᠠᠭᠠᠵᠠᠯᠠᠬᠤ ᠵᠠᠷᠯᠢᠭ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠠᠮᠤᠷ ᠲᠦᠪᠰᠢᠨ ᠪᠣᠯᠪᠠᠰᠤᠨ ᠢᠶᠠᠷ ᠭᠠᠳᠠᠭᠰᠢ ᠭᠠᠷᠬᠤ ᠶᠢ ᠬᠦᠰᠡᠵᠦ ᠪᠠᠶᠢᠨ᠎ᠠ᠃    4᠂ 208 ᠤᠯᠤᠰ ᠤᠨ ᠵᠠᠮ ᠠᠴᠠ ᠬᠦᠷᠢᠶᠡᠯᠡᠩ ᠲᠣᠭᠤᠷᠢᠭ ᠵᠦᠭ ᠶᠠᠪᠤᠬᠤ ᠮᠠᠰᠢᠨ ᠲᠡᠷᠭᠡᠴᠢᠨ ᠲᠡᠷᠭᠡ ᠪᠠᠨ ᠵᠢᠯᠤᠭᠤᠳᠴᠤ ᠠᠵᠤ ᠦᠢᠯᠡᠳᠪᠦᠷᠢ ᠶᠢᠨ ᠵᠡᠭᠡᠯᠢ ᠶᠢ ᠲᠤᠭᠤᠷᠢᠨ ᠶᠠᠪᠤᠭᠠᠷᠠᠢ᠃    ᠡᠭᠦᠨ᠎ᠡ ᠤᠨᠴᠠᠭᠠᠶᠢᠯᠠᠨ ᠵᠠᠷᠯᠠᠪᠠ             ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                           2024 ᠣᠨ ᠤ 8 ᠰᠠᠷ᠎ᠠ ᠶᠢᠨ 16 ᠤ ᠡᠳᠦᠷ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3