| ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠳᠤᠯᠠᠵᠤ᠂ ︽ᠠᠷᠠᠳ ᠤᠨ ᠠᠮᠢᠳᠤᠷᠠᠯ ᠢ ᠪᠠᠶᠢᠴᠠᠭᠠᠨ | ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠬᠤ ᠶᠢᠨ ᠲᠦᠯᠦᠭᠡ᠂ 8 ᠰᠠᠷ᠎ᠠ ᠶᠢᠨ 19 ᠤ ᠡᠳᠦᠷ᠂ | ᠹᠧᠩᠵᠧᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠢ | ᠪᠠᠶᠢᠴᠠᠭᠠᠯᠲᠠ ᠥᠷᠨᠢᠭᠦᠯᠪᠡ᠃ | | | | | | ᠪᠠᠶᠢᠴᠠᠭᠠᠬᠤ ᠠᠵᠢᠯᠲᠠᠨ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠪᠠᠶᠢᠴᠠᠭᠠᠨ ᠰᠢᠯᠭᠠᠬᠤ᠂ ᠲᠤᠬᠠᠢ ᠶᠢᠨ ᠭᠠᠵᠠᠷ | ᠲᠤᠨᠢ ᠬᠢᠨᠠᠯᠲᠠ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮ ᠤᠨ ᠵᠦᠢᠯ ᠤᠨ ᠢᠷᠡᠯᠲᠡ ᠶᠢᠨ ᠠᠷᠭ᠎ᠠ ᠵᠠᠮ᠂ | ᠡᠮ ᠤᠨ ᠵᠦᠢᠯ ᠤᠨ ᠡᠵᠡᠩᠨᠡᠯᠲᠡ ᠶᠢᠨ ᠳᠡᠯᠭᠡᠭᠦᠷ ᠤᠨ ᠬᠤᠭᠤᠴᠠᠭ᠎ᠠ ᠨᠢ ᠥᠩᠭᠡᠷᠡᠭᠰᠡᠨ᠂ ᠬᠠᠭᠤᠷᠮᠠᠭ ᠮᠠᠭᠤ ᠡᠮ ᠤᠨ ᠵᠦᠢᠯ | ᠪᠠᠶᠢᠬᠤ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃ ᠪᠠᠰᠠ ᠡᠮ ᠤᠨ ᠵᠦᠢᠯᠡᠰ ᠤᠨ ᠬᠡᠷᠡᠭᠴᠡᠭᠡ᠂ ᠲᠥᠷᠥᠯ | ᠬᠤᠪᠢᠶᠠᠬᠤ᠂ ᠵᠣᠷ ᠤᠨ ᠡᠮ ᠤᠨ ᠪᠣᠷᠤᠯᠠᠭᠤᠯᠭ᠎ᠠ ᠵᠡᠷᠭᠡ ᠲᠠᠯ᠎ᠠ ᠪᠠᠷ ᠨᠠᠷᠢᠨ ᠯᠠᠪᠯᠠᠨ ᠠᠰᠠᠭᠤᠪᠠ᠃ ᠪᠠᠰᠠ ᠡᠵᠡᠩᠨᠡᠯᠲᠡ ᠶᠢᠨ | ᠭᠤᠣᠯ ᠴᠣᠭᠴᠠ ᠨᠢ ᠬᠠᠤᠯᠢ ᠳᠤ ᠨᠡᠶᠢᠴᠡᠬᠦ ᠡᠰᠡᠬᠦ᠂ ᠠᠵᠢᠯ ᠡᠷᠭᠢᠯᠡᠬᠦ ᠡᠮ ᠨᠠᠶᠢᠷᠠᠭᠴᠢ ᠠᠵᠢᠯ ᠡᠷᠭᠢᠯᠡᠬᠦ ᠬᠢᠷᠢ ᠬᠡᠮ ᠤᠨ | ᠦᠨᠡᠮᠯᠡᠯ ᠪᠠᠶᠢᠬᠤ ᠡᠰᠡᠬᠦ᠂ ᠡᠮ ᠤᠨ ᠵᠦᠢᠯᠡᠰ ᠢ ᠡᠵᠡᠩᠨᠡᠬᠦ ᠨᠢ ᠡᠵᠡᠩᠨᠡᠯᠲᠡ ᠶᠢᠨ ᠬᠡᠪᠴᠢᠶᠡᠨ ᠳᠤ ᠪᠠᠶᠢᠬᠤ ᠡᠰᠡᠬᠦ ᠵᠡᠷᠭᠡ ᠶᠢ | ᠨᠠᠷᠢᠨ ᠬᠢᠨᠠᠮᠠᠭᠠᠢ ᠪᠠᠶᠢᠴᠠᠭᠠᠪᠠ᠃ | | | | | | ᠣᠨᠴᠠ ᠵᠠᠷᠢᠮ ᠡᠮ ᠤᠨ ᠳᠡᠯᠭᠡᠭᠦᠷ ᠲᠤ ᠠᠷᠢᠭᠤᠳᠬᠠᠬᠤ ᠨᠠᠷᠠᠲᠤ ᠦᠢᠯᠡᠳᠬᠦᠨ ᠬᠢᠭᠡᠳ ᠪᠠᠭᠠᠵᠢ ᠬᠡᠷᠡᠭᠰᠡᠯ ᠤᠨ | ᠨᠣᠮᠧᠷ ᠢ ᠬᠤᠯᠢᠯᠳᠤᠭᠤᠯᠤᠨ ᠲᠠᠯᠪᠢᠵᠤ᠂ ᠠᠵᠢᠯ ᠡᠷᠭᠢᠯᠡᠬᠦ ᠡᠮ ᠨᠠᠶᠢᠷᠠᠭᠴᠢ ᠠᠵᠢᠯ ᠤᠨ ᠪᠠᠶᠢᠷᠢ ᠳᠤ ᠪᠠᠶᠢᠬᠤ ᠦᠭᠡᠢ | ᠪᠣᠯᠪᠠᠴᠤ ᠫᠠᠶᠢᠰᠠ ᠡᠯᠭᠦᠨ ᠮᠡᠳᠡᠭᠳᠡᠭᠰᠡᠨ ᠦᠭᠡᠢ ᠵᠢᠴᠢ ᠠᠵᠢᠯ ᠡᠷᠭᠢᠯᠡᠬᠦ ᠡᠮ ᠨᠠᠶᠢᠷᠠᠭᠴᠢ ᠠᠵᠢᠯ ᠤᠨ ᠪᠠᠶᠢᠷᠢ ᠳᠤ ᠪᠠᠶᠢᠬᠤ | ᠦᠭᠡᠢ ᠪᠣᠯᠪᠠᠴᠤ ᠵᠣᠷ ᠤᠨ ᠡᠮ ᠢ ᠮᠥᠨ ᠯᠡ ᠬᠤᠳᠠᠯᠳᠤᠵᠤ ᠪᠠᠶᠢᠭ᠎ᠠ ᠵᠡᠷᠭᠡ ᠠᠰᠠᠭᠤᠳᠠᠯ ᠣᠷᠣᠰᠢᠵᠤ ᠪᠠᠶᠢᠬᠤ ᠶᠢ | ᠪᠠᠶᠢᠴᠠᠭᠠᠯᠲᠠ ᠪᠠᠷ ᠣᠯᠵᠤ ᠮᠡᠳᠡᠪᠡ᠃ ᠪᠠᠶᠢᠴᠠᠭᠠᠬᠤ ᠠᠵᠢᠯᠲᠠᠨ ᠡᠮ ᠤᠨ ᠳᠡᠯᠭᠡᠭᠦᠷ ᠤᠨ ᠠᠵᠢᠯᠲᠠᠨ ᠳᠤ ᠡᠮ ᠤᠨ ᠵᠦᠢᠯ ᠤᠨ | ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠡᠵᠡᠩᠨᠡᠭᠴᠢ ᠶᠢᠨ ᠬᠠᠤᠯᠢ | ᠶᠣᠰᠣᠨ ᠤ ᠡᠵᠡᠩᠨᠡᠯᠲᠡ ᠶᠢᠨ ᠦᠵᠡᠯ ᠤᠬᠠᠮᠰᠠᠷ ᠢ ᠴᠢᠩᠭᠠᠷᠠᠭᠤᠯᠬᠤ ᠶᠢᠨ ᠬᠠᠮᠲᠤ ᠰᠡᠭᠦᠳᠡᠷᠯᠡᠨ ᠭᠡᠷᠡᠴᠢ ᠠᠪᠴᠤ᠂ ᠬᠠᠤᠯᠢ | ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠵᠠᠭᠠᠯᠳᠤᠬᠤ ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠭᠠᠷᠭᠠᠪᠠ᠃ | | | | ᠵᠣᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |