ᠮᠠᠨ ᠤ ᠬᠤᠲᠠ ᠶᠢᠨ ᠬᠢᠨ ᠠᠵᠢᠯ ᠠᠴᠠ ᠪᠠᠨ ᠰᠠᠯᠵᠤ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/22
   8 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠤᠨ ᠬᠢᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ︽ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠲᠠᠬᠢᠨ ᠡᠷᠭᠢᠴᠡᠭᠦᠯᠵᠦ ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠬᠦᠴᠦᠨ ᠴᠢᠳᠠᠯ ᠢ ᠨᠢᠭᠲᠠᠷᠠᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠣᠯᠣᠨ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠡ᠃
   ᠠᠵᠢᠯᠯᠠᠭ᠎ᠠ ᠶᠢᠨ ᠲᠦᠷᠦᠭᠦᠦ ᠦᠷᠳᠡᠭᠡ᠂ ᠠᠬᠠᠮᠠᠳ ᠨᠥᠬᠦᠳ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢ ᠲᠣᠭᠤᠷᠢᠨ ᠦᠵᠡᠪᠡ᠂ ᠡᠨᠡᠬᠦ ᠲᠡᠦᠬᠡ ᠶᠢᠨ ᠪᠠᠭᠤᠷᠢ ᠨᠢ ᠡᠯᠪᠡᠭ ᠪᠠᠶᠠᠯᠢᠭ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠠᠴᠢᠶᠠᠯᠠᠵᠤ ᠪᠠᠶᠢᠳᠠᠭ᠃ ᠳᠤᠷᠠᠰᠬᠠᠯ ᠤᠨ ᠣᠷᠳᠣᠨ ᠳᠤ᠂ ᠠᠬᠠᠮᠠᠳ ᠨᠥᠬᠦᠳ ᠬᠤᠪᠢᠰᠬᠠᠯ ᠤᠨ ᠲᠡᠦᠬᠡ ᠶᠢ ᠲᠠᠬᠢᠨ ᠡᠷᠭᠢᠴᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠲᠥᠪ ᠴᠢᠩᠭ᠎ᠠ ᠠᠭᠤᠷ ᠠᠮᠢᠰᠬᠤᠯ ᠤᠨ ᠳᠤᠮᠳᠠ ᠨᠠᠮ ᠳᠤ ᠣᠷᠣᠬᠤ ᠲᠠᠩᠭᠠᠷᠢᠭ ᠬᠢᠵᠦ᠂ ᠨᠠᠮ ᠤᠨ ᠭᠡᠰᠢᠭᠦᠨ ᠤ ᠤᠬᠠᠮᠰᠠᠷ ᠢᠶᠠᠨ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠪᠡ᠃ ᠳᠠᠷᠠᠭ᠎ᠠ ᠨᠢ᠂ ᠠᠬᠠᠮᠠᠳ ᠨᠥᠬᠦᠳ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠫᠢᠩ ᠳ᠋ᠢ ᠴᠢᠤᠸᠠᠨ ᠪᠠᠯᠭᠠᠰᠤᠨ ᠤ ᠡᠮᠦᠨ᠎ᠡ ᠲᠣᠰᠬᠤᠨ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠡᠮᠦᠨ᠎ᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ᠂ ᠰᠣᠶᠣᠯ ᠤᠨ ᠤᠯᠠᠮᠵᠢᠯᠠᠯ ᠵᠡᠷᠭᠡ ᠲᠠᠯ᠎ᠠ ᠶᠢᠨ ᠠᠵᠢᠯ ᠢ ᠲᠣᠭᠤᠷᠢᠨ ᠦᠵᠡᠵᠦ ᠢᠯᠡᠳᠲᠡ ᠦᠷ᠎ᠡ ᠪᠦᠲᠦᠮᠵᠢ ᠣᠯᠪᠠ᠃
   ᠰᠠᠭᠤᠳᠠᠯ ᠤᠨ ᠬᠤᠷᠠᠯ ᠳᠡᠭᠡᠷ᠎ᠡ᠂ ᠠᠬᠠᠮᠠᠳ ᠨᠥᠬᠦᠳ ᠲᠣᠭᠤᠷᠢᠨ ᠦᠵᠡᠵᠦ ᠰᠢᠨᠵᠢᠯᠡᠨ ᠪᠠᠶᠢᠴᠠᠭᠠᠭᠰᠠᠨ ᠲᠥᠷᠥᠭᠳᠡᠯ ᠢᠶᠠᠨ ᠬᠤᠪᠢᠶᠠᠯᠴᠠᠵᠤ᠂ ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠬᠤᠳᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠵᠦ᠂ ᠹᠧᠩᠵᠧᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠪᠠ ᠤᠶᠤᠨ ᠤᠬᠠᠭᠠᠨ ᠢᠶᠠᠨ ᠡᠷᠭᠦᠨ᠎ᠡ ᠭᠡᠵᠦ ᠰᠠᠨᠠᠯ ᠨᠢᠭᠡᠲᠡᠢ  ᠢᠯᠡᠳᠭᠡᠵᠡᠭᠡᠪᠡ᠃          ᠵᠣᠬᠢᠶᠠᠭᠴᠢ᠄ ᠶᠠᠨ ᠰᠢᠶᠠ ᠹᠧᠢ          ᠨᠠᠶᠢᠷᠠᠭᠤᠯᠤᠭᠴᠢ᠄ ᠯᠢ ᠰᠧ ᠬᠤᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3