ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ︽ᠠᠮᠢ ᠨᠠᠰᠤ ᠶᠢ ᠬᠠᠶᠢᠷᠠᠯᠠᠬᠤ ᠠᠪᠤᠷᠠᠯᠲᠠ ᠳᠡᠷᠭᠡᠲᠡ ᠪᠤᠢ︾ ᠭᠡᠬᠦ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠤᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/22
  8 ᠰᠠᠷ᠎ᠠ ᠶᠢᠨ 20 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ︽ᠠᠮᠢ ᠨᠠᠰᠤ ᠶᠢ ᠬᠠᠶᠢᠷᠠᠯᠠᠬᠤ ᠠᠪᠤᠷᠠᠯᠲᠠ ᠳᠡᠷᠭᠡᠲᠡ ᠪᠤᠢ︾ ᠭᠡᠬᠦ ᠪᠠᠴᠢᠮ ᠪᠠᠶᠢᠳᠠᠯ ᠢ ᠠᠷᠭᠠᠴᠠᠭᠠᠵᠤ  ᠠᠪᠤᠷᠠᠨ ᠲᠤᠰᠠᠯᠠᠬᠤ ᠪᠤᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠢᠦᠢ ᠡᠯ ᠸᠠᠨ ᠴᠡᠴᠡᠷᠯᠢᠭ ᠲᠤ ︽ᠨᠢᠭᠡ ᠴᠠᠭᠠᠷᠢᠭ ᠨᠢᠭᠡ ᠪᠤᠯᠠᠭ᠎ᠠ ᠨᠢᠭᠡ ᠳᠡᠭᠡᠰᠦ ᠨᠢᠭᠡ ᠫᠠᠶᠢᠰᠠ︾ ᠶᠢᠨ ᠤᠰᠤᠨ ᠳᠤ ᠵᠢᠪᠬᠦ ᠶᠢ ᠰᠡᠷᠭᠡᠶᠢᠯᠡᠬᠦ ᠲᠥᠬᠦᠭᠡᠷᠦᠮᠵᠢ ᠶᠢ ᠣᠷᠣᠭᠤᠯᠪᠠ︔ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠤᠨ ᠪᠠᠭᠰᠢ ᠲᠤᠬᠠᠢ ᠶᠢᠨ ᠲᠠᠯᠠᠪᠤᠷ ᠲᠤ ᠬᠠᠮᠢᠶ᠎ᠠ ᠪᠦᠬᠦᠢ ᠠᠵᠢᠯᠲᠠᠨ ᠳᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠵᠢᠯᠯᠠᠭᠠᠨ ᠤ ᠶᠠᠪᠤᠴᠠ ᠶᠢ ᠦᠵᠡᠭᠦᠯᠦᠨ ᠵᠢᠯᠤᠭᠤᠳᠬᠤ ᠶᠢᠨ ᠬᠠᠮᠲᠤ ᠲᠤᠬᠠᠢ ᠶᠢᠨ ᠲᠠᠯᠠᠪᠤᠷ ᠤᠨ ᠪᠤᠯᠪᠠᠰᠤᠷᠠᠭᠤᠯᠤᠯ ᠳᠤ ᠣᠷᠣᠯᠴᠠᠭᠰᠠᠳ ᠲᠤ ᠨᠢᠭᠡᠳ ᠨᠢᠭᠡ ᠪᠠᠷ ᠵᠢᠯᠣᠭᠤᠳᠤᠯᠭ᠎ᠠ ᠬᠢᠵᠦ᠂ ᠪᠣᠳᠠᠲᠠᠢ ᠠᠵᠢᠯᠯᠠᠬᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠪᠡ︔ ᠳᠠᠷᠠᠭ᠎ᠠ ᠨᠢ ᠴᠠᠬᠢᠯᠭᠠᠨ ᠦᠢᠯᠡᠳᠪᠦᠷᠢ ᠶᠢᠨ ᠵᠠᠮ ᠤᠨ ᠨᠡᠶᠢᠭᠡᠮ ᠲᠣᠭᠤᠷᠢᠭ ᠲᠤ ︽ᠣᠨᠣᠯ ᠤᠨ ᠵᠢᠭᠠᠨ ᠰᠤᠷᠭᠠᠯᠲᠠ ᠶᠢᠨ ᠳᠠᠭᠤᠷᠢᠶᠠᠯ︾ ᠤᠨ ᠠᠷᠭ᠎ᠠ ᠮᠠᠶ᠋ᠢᠭ ᠢᠶᠠᠷ ᠳᠠᠮᠵᠢᠨ᠂ ᠰᠠᠨᠠᠭᠠᠨ ᠳᠤ ᠦᠭᠡᠢ ᠭᠡᠮᠲᠦᠯ᠂ ᠰᠢᠷᠬᠠᠲᠤᠭᠰᠠᠳ ᠢ ᠠᠪᠤᠷᠠᠨ ᠲᠤᠰᠠᠯᠠᠬᠤ᠂ ᠬᠡᠢ ᠶᠢᠨ ᠵᠠᠮ ᠤᠨ ᠡᠯᠳᠡᠪ ᠪᠣᠳᠠᠰ ᠤᠨ ᠲᠦᠭᠵᠢᠷᠡᠯ ᠵᠡᠷᠭᠡ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠠᠷᠭ᠎ᠠ ᠪᠠ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠵᠢᠯᠯᠠᠭᠠᠨ ᠤ ᠶᠠᠪᠤᠴᠠ ᠶᠢ ᠨᠠᠷᠢᠨ ᠲᠠᠶᠢᠯᠪᠤᠷᠢᠯᠠᠪᠠ᠃
   ᠪᠤᠯᠪᠠᠰᠤᠷᠠᠭᠤᠯᠤᠯ ᠤᠨ ᠠᠵᠢᠯᠯᠠᠭ᠎ᠠ ᠨᠢ ᠤᠨᠤᠯ ᠤᠨ ᠮᠡᠳᠡᠯᠭᠡ ᠶᠢ ᠤᠯᠠᠮᠵᠢᠯᠠᠬᠤ ᠶᠢ ᠴᠢᠬᠤᠯᠠᠴᠢᠯᠠᠬᠤ ᠪᠠᠷ ᠪᠠᠷᠠᠬᠤ ᠦᠭᠡᠢ᠂ ᠦᠢᠯᠡᠳᠦᠯᠭᠡ ᠶᠢᠨ ᠠᠵᠢᠯᠯᠠᠭ᠎ᠠ ᠶᠢᠨ ᠴᠢᠬᠤᠯᠠ ᠴᠢᠨᠠᠷ ᠢ ᠨᠡᠩ ᠴᠢᠬᠤᠯᠠᠴᠢᠯᠠᠪᠠ᠃ ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠪᠣᠯᠪᠠᠰᠤᠷᠠᠭᠤᠯᠤᠯ ᠤᠨ ᠠᠵᠢᠯᠯᠠᠭ᠎ᠠ ᠨᠢ ᠰᠤᠷᠤᠭᠴᠢᠳ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠲᠤᠬᠠᠢ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠣᠯᠠᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠪᠡ᠃        ᠵᠣᠬᠢᠶᠠᠭᠴᠢ᠄ ᠸᠠᠩ ᠨᠢᠩ ᠪᠦᠸᠧ        ᠨᠠᠶᠢᠷᠠᠭᠤᠯᠤᠭᠴᠢ᠄ ᠵᠢᠶᠠ ᠷᠠᠨ ᠲᠦᠩ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3