ᠰᠠᠨ ᠢ ᠴᠢᠤᠸᠠᠨ ᠪᠠᠯᠭᠠᠰᠤᠨ ᠤ ᠶᠠᠮᠠ ᠶᠢᠨ ᠦᠷ᠎ᠡ ᠶᠢ ᠣᠷᠭᠠᠨᠢᠭ ᠢᠶᠠᠷ ᠲᠠᠷᠢᠬᠤ ᠨᠢ ᠲᠣᠰᠬᠤᠨ ᠤ ᠠᠷᠠᠳ ᠣᠯᠠᠨ ᠤ ︽ᠠᠯᠲᠠᠨ ᠫᠠᠶᠢᠰᠠ︾ ᠪᠤᠯᠪᠠ
ᠨᠡᠶᠢᠲᠡᠯᠡᠭᠰᠡᠨ ᠴᠠᠭ᠄
2024/8/23
   ᠣᠶᠢᠷ᠎ᠠ ᠶᠢᠨ ᠵᠢᠯ ᠳᠤ᠂ ᠰᠠᠨ ᠢ ᠴᠢᠤᠸᠠᠨ ᠪᠠᠯᠭᠠᠰᠤ ᠶᠢᠨ ᠬᠢᠨ ᠣᠷᠴᠢᠨ ᠲᠣᠭᠤᠷᠢᠨ ᠤ ᠨᠥᠬᠦᠴᠡᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂  ᠶᠠᠮᠠ ᠶᠢᠨ ᠦᠷ᠎ᠡ ᠶᠢ ᠣᠷᠭᠠᠨᠢᠭ ᠢᠶᠠᠷ ᠳᠠᠷᠢᠬᠤ ᠶᠢ ᠶᠡᠬᠡᠪᠡᠷ ᠬᠥᠭᠵᠢᠭᠦᠯᠵᠦ᠂ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠲᠣᠰᠬᠤᠨ ᠤ ᠠᠷᠠᠳ ᠣᠯᠠᠨ ᠤ ︽ᠠᠯᠲᠠᠨ ᠫᠠᠶᠢᠰᠠ︾ ᠪᠣᠯᠤᠭᠰᠠᠨ ᠪᠠᠶᠢᠨ᠎ᠠ᠃
   ᠶᠠᠮᠠ ᠶᠢᠨ ᠦᠷ᠎ᠡ ᠲᠠᠷᠢᠬᠤ ᠪᠣᠯ ᠰᠠᠨ ᠢ ᠴᠢᠤᠸᠠᠨ ᠪᠠᠯᠭᠠᠰᠤᠨ ᠤ ᠤᠯᠠᠮᠵᠢᠯᠠᠯᠲᠤ ᠳᠠᠪᠠᠭᠤᠯᠢᠭ ᠲᠠᠷᠢᠮᠠᠯ ᠤᠨ ᠵᠦᠢᠯ ᠪᠠᠶᠢᠵᠤ᠂ ᠠᠭᠤᠷ ᠠᠮᠢᠰᠬᠤᠯ ᠪᠣᠯᠣᠨ ᠣᠷᠴᠢᠨ ᠲᠣᠭᠤᠷᠢᠨ ᠤ ᠨᠥᠬᠦᠴᠡᠯ ᠳᠠᠪᠠᠭᠤᠯᠢᠭ ᠠᠴᠠ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠤᠯᠠᠨ ᠤ ᠴᠢᠬᠤᠯᠠ ᠠᠵᠤ ᠠᠬᠤᠢ ᠶᠢᠨ ᠲᠠᠷᠢᠮᠠᠯ ᠪᠤᠯᠪᠠ᠃   ᠭᠡᠷᠢᠨᠨᠠᠭᠤᠷ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠶᠢᠨ ᠬᠢᠨ ᠵᠠᠬ᠎ᠠ ᠳᠡᠯᠭᠡᠭᠦᠷ ᠲᠤ ᠴᠢᠭᠯᠡᠭᠦᠯᠦᠨ᠂ ᠠᠵᠠ ᠲᠣᠬᠢᠶᠠᠯ ᠢ ᠠᠮᠵᠢᠵᠤ᠂ ︽ᠹᠧᠩᠵᠧᠨ ᠬᠤᠳᠠ ᠶᠢᠨ ᠶᠤᠸᠠᠨ ᠱᠧᠩ ᠶᠠᠮᠠ ᠣᠯᠣᠰᠤᠨ ᠤ ᠡᠳ᠋ᠯᠡᠩ ᠤᠨ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶᠠᠵᠢᠯ︾ ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠤᠯᠠᠨ ᠲᠦᠮᠡᠨ ᠲᠠᠢ ᠠᠰᠢᠭ ᠲᠤᠰᠠ ᠶᠢ ᠬᠤᠯᠪᠣᠬᠤ ᠲᠣᠭᠲᠠᠴᠠ ᠪᠠ ᠶᠠᠮᠠ ᠶᠢᠨ ᠦᠷ᠎ᠡ ᠶᠢᠨ ᠣᠷᠭᠠᠨᠢᠭ ᠲᠠᠷᠢᠮᠠᠯ ᠤᠨ ᠰᠠᠭᠤᠷᠢᠨ ᠢ ᠬᠦᠴᠦ ᠪᠠᠨ ᠬᠠᠮᠲᠤᠳᠬᠠᠨ ᠪᠠᠶᠢᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ᠂ ᠭᠠᠵᠠᠷ ᠣᠷᠣᠨ ᠤ ᠠᠮᠢ ᠠᠬᠤᠢ ᠶᠢᠨ ᠲᠠᠷᠢᠮᠠᠯ ᠢ ᠰᠠᠶᠢᠵᠢᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠦᠨ᠎ᠡ ᠠᠴᠠ ᠥᠨᠳᠥᠷ ᠪᠠᠶᠢᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠠᠮᠲᠤ ᠲᠤᠬᠠᠢ ᠶᠢᠨ ᠭᠠᠵᠠᠷ ᠤᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠬᠥᠭᠵᠢᠯᠲᠡ ᠶᠢᠨ ᠰᠠᠶᠢᠨ ᠰᠠᠶᠢᠬᠠᠨ ᠬᠤᠷᠰᠢᠯᠴᠠᠭ᠎ᠠ ᠶᠢ ᠠᠬᠢᠭᠤᠯᠪᠠ᠃
   ᠰᠠᠨ ᠢ ᠴᠢᠤᠸᠠᠨ ᠪᠠᠯᠭᠠᠰᠤ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠶᠠᠪᠤᠴᠠ ᠳᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠨᠡᠬᠦ ᠭᠤᠣᠯ ᠭᠤᠭᠴᠤᠭ᠎ᠠ ᠶᠢ ᠪᠠᠲᠤ ᠠᠳᠬᠤᠵᠤ᠂ ᠶᠠᠮᠠ ᠶᠢᠨ ᠦᠷ᠎ᠡ ᠶᠢ ᠬᠡᠪᠴᠢᠶᠡᠵᠢᠭᠦᠯᠦᠨ ᠲᠠᠷᠢᠬᠤ ᠶᠢ ᠶᠡᠬᠡᠪᠡᠷ ᠳᠡᠮᠵᠢᠵᠦ᠂ ᠣᠨᠴᠠᠯᠢᠭᠲᠤ ᠣᠷᠭᠠᠨᠢᠭ ᠠᠵᠤ ᠦᠢᠯᠡᠰ ᠢ ᠬᠥᠭᠵᠢᠭᠦᠯᠵᠦ᠂ ᠪᠠᠯᠭᠠᠰᠤᠨ ᠤ ᠶᠠᠮᠠ ᠶᠢᠨ ᠦᠷ᠎ᠡ ᠶᠢ ᠣᠷᠭᠠᠨᠢᠭ ᠢᠶᠠᠷ ᠲᠠᠷᠢᠬᠤ ᠶᠢ ᠲᠣᠰᠬᠤᠨ ᠤ ᠠᠷᠠᠳ ᠤᠯᠠᠨ ᠤ ︽ᠠᠯᠳᠠᠨ ᠫᠠᠶᠢᠰᠠ︾ ᠪᠤᠯᠭᠠᠪᠠ᠃        ᠵᠣᠬᠢᠶᠠᠭᠴᠢ᠄ ᠬᠤᠤ ᠴᠧᠨ ᠹᠧᠩ        ᠨᠠᠶᠢᠷᠠᠭᠤᠯᠤᠭᠴᠢ᠄ ᠯᠢ ᠰᠧ ᠬᠤᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3