| 8 ᠰᠠᠷ᠎ᠠ ᠶᠢᠨ 16 ᠤ ᠡᠳᠦᠷ᠂ ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ᠨᠠᠰᠤᠲᠠᠶᠢᠴᠤᠳ ᠤᠨ | ᠠᠭᠤᠳᠠᠮ ᠲᠠᠯᠠᠪᠠᠶ ᠶᠢᠨ ᠪᠥᠵᠢᠭ ᠰᠣᠯᠢᠯᠴᠠᠬᠤ ᠠᠵᠢᠯᠯᠠᠭ᠎ᠠ ᠬᠤᠲᠠ ᠶᠢᠨ ᠪᠡᠶ᠎ᠡ ᠶᠢᠨ ᠲᠠᠮᠢᠷ ᠤᠨ ᠣᠷᠳᠣᠨ ᠳᠤ | ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠶᠠᠩ ᠯᠠᠢ ᠴᠢᠤᠸᠠᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠵᠢᠶᠠᠨ ᠨᠠᠷ | ᠠᠵᠢᠯᠯᠠᠭ᠎ᠠ ᠳᠤ ᠣᠷᠣᠯᠴᠠᠪᠠ᠃ | | ᠠᠵᠢᠯᠯᠠᠭ᠎ᠠ ᠶᠢᠨ ᠶᠣᠰᠣᠯᠠᠯ ᠳᠡᠭᠡᠷ᠎ᠡ᠂ ᠶᠠᠩ ᠯᠠᠢ ᠴᠢᠤᠸᠠᠨ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠸᠠᠩ ᠵᠢᠶᠠᠨ | ᠪᠠᠶᠠᠷ ᠤᠨ ᠶᠠᠷᠢᠶ᠎ᠠ ᠲᠠᠯᠪᠢᠪᠠ᠃ | | ᠲᠤᠰ ᠤᠳᠠᠭᠠᠨ ᠤ ᠠᠵᠢᠯᠯᠠᠭ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠯᠤᠭᠠᠨ | ᠲᠥᠯᠥᠭᠡᠯᠡᠭᠴᠢᠳ ᠤᠨ ᠠᠩᠭᠢ ᠶᠢᠨ ᠬᠢᠨ ᠰᠣᠯᠢᠯᠴᠠᠭᠠᠨ ᠤ ᠤᠷᠤᠯᠳᠤᠭᠠᠨ ᠳᠤ ᠣᠷᠣᠯᠴᠠᠵᠤ᠂ ᠢᠷᠠᠭᠤ ᠰᠠᠶᠢᠬᠠᠨ | ᠳᠠᠭᠤᠤ ᠬᠥᠭᠵᠢᠮ ᠤᠨ ᠠᠶᠢᠵᠠᠮ ᠢ ᠳᠠᠭᠠᠯᠳᠤᠨ᠂ ᠭᠤᠶᠤ ᠰᠠᠶᠢᠬᠠᠨ ᠬᠤᠪᠴᠠᠰᠤ ᠡᠮᠦᠰᠦᠭᠰᠡᠨ ᠨᠠᠰᠤᠲᠠᠶᠢᠴᠤᠳ | ᠴᠤᠭ ᠵᠢᠪᠬᠤᠭ᠎ᠠ ᠪᠠᠳᠠᠷᠠᠩᠭᠤᠢ᠂ ᠠᠯᠬᠤᠭ᠎ᠠ ᠨᠢ ᠬᠥᠩᠭᠡᠮᠰᠦᠭ᠂ ᠳᠡᠪᠬᠡᠷᠦᠨ ᠪᠥᠵᠢᠭᠯᠡᠵᠦ᠂ ᠬᠦᠳᠡᠯᠦᠯ ᠨᠢᠭᠡᠪᠦᠷᠢ ᠨᠢ | ᠴᠥᠮ ᠠᠮᠢᠵᠢᠷᠠᠯ ᠤᠨ ᠬᠦᠴᠦᠨ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠪᠠᠶᠠᠷ ᠵᠢᠷᠭᠠᠯ ᠤᠨ | ᠢᠨᠢᠶᠡᠮᠰᠦᠭᠯᠡᠯ ᠢᠶᠠᠷ ᠨᠠᠰᠤᠲᠠᠶᠢᠴᠤᠳ ᠤᠨ ᠢᠳᠡᠪᠬᠢᠲᠡᠢ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ | ᠪᠠᠶᠢᠳᠠᠯ ᠪᠠ ᠡᠯᠪᠡᠭ ᠪᠠᠶᠠᠯᠢᠭ ᠥᠲᠡᠯᠦᠭᠡ ᠨᠠᠰᠤᠨ ᠤ ᠠᠮᠢᠳᠤᠷᠠᠯ ᠢ ᠢᠯᠡᠷᠡᠭᠦᠯᠪᠡ᠃ ᠬᠤᠶᠠᠷ ᠡᠭᠡᠯᠵᠢ ᠶᠢᠨ ᠠᠭᠤᠳᠠᠮ | ᠲᠠᠯᠠᠪᠠᠢ ᠶᠢᠨ ᠪᠥᠵᠢᠭ ᠤᠨ ᠮᠥᠷᠥᠶᠢᠴᠡᠭᠡᠨ ᠬᠢᠵᠦ᠂ ᠲᠤᠰᠬᠠᠢ ᠮᠡᠷᠭᠡᠵᠢᠯ ᠤᠨ ᠰᠢᠯᠭᠠᠷᠠᠭᠤᠯᠬᠤ ᠺᠣᠮᠢᠰ ᠤᠨ ᠭᠡᠰᠢᠭᠦᠳ | ᠪᠥᠵᠢᠭ ᠤᠨ ᠨᠠᠶᠢᠷᠠᠭᠤᠯᠤᠯ᠂ ᠬᠥᠳᠡᠯᠦᠯ ᠪᠠᠷᠢᠯ ᠤᠨ ᠵᠢᠭᠳᠡ ᠬᠡᠮᠵᠢᠶ᠎ᠡ᠂ ᠢᠯᠡᠷᠡᠭᠦᠯᠬᠦ ᠬᠦᠴᠦᠨ ᠵᠡᠷᠭᠡ ᠣᠯᠠᠨ | ᠲᠠᠯ᠎ᠠ ᠶᠢ ᠦᠨᠳᠦᠰᠦᠯᠡᠨ ᠶᠡᠷᠦᠩᠬᠡᠶᠢᠯᠡᠭᠰᠡᠨ ᠦᠨᠡᠯᠡᠯᠲᠡ ᠬᠢᠵᠦ᠂ ᠡᠴᠦᠰ ᠲᠡᠭᠡᠨ ᠨᠢᠭᠡᠳᠦᠭᠡᠷ᠂ ᠬᠤᠶᠠᠳᠤᠭᠠᠷ᠂ | ᠭᠤᠷᠪᠠᠳᠤᠭᠠᠷ ᠳᠡᠰ ᠤᠨ ᠱᠠᠩᠨᠠᠯ ᠢ ᠰᠢᠯᠭᠠᠷᠠᠭᠤᠯᠤᠭᠰᠠᠨ ᠪᠥᠭᠡᠳ ᠱᠠᠩᠨᠠᠯ ᠭᠠᠷᠳᠠᠭᠤᠯᠪᠠ᠃ | ᠨᠠᠰᠤᠲᠠᠶᠢᠴᠤᠳ ᠤᠨ ᠠᠭᠤᠳᠠᠮ ᠲᠠᠯᠠᠪᠠᠶ ᠶᠢᠨ ᠪᠥᠵᠢᠭ ᠤᠨ ᠠᠵᠢᠯᠯᠠᠭ᠎ᠠ ᠨᠢ ᠣᠯᠠᠨ ᠲᠦᠮᠡᠨ ᠤ ᠣᠶᠤᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠶᠢᠨ ᠠᠵᠢᠯ ᠬᠢᠬᠦ ᠶᠢᠨ | ᠬᠠᠮᠲᠤ᠂ ᠬᠥᠮᠥᠰ ᠲᠤ ᠤᠷᠠᠯᠢᠭ ᠤᠨ ᠬᠦᠷᠲᠡᠭᠡᠯ ᠪᠠ ᠪᠡᠶ᠎ᠡ ᠰᠡᠳᠬᠢᠯ ᠤᠨ ᠬᠥᠮᠦᠵᠢᠯ ᠢ ᠬᠦᠷᠳᠡᠭᠡᠪᠡ᠃ | | | ᠵᠣᠬᠢᠶᠠᠭᠴᠢ᠄ ᠪᠠᠢ ᠯᠢ ᠨᠠ | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |