ᠯᠢ ᠱᠦ ᠸᠧᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/23
   8 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠦ ᠸᠧᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠳᠠ ᠶᠢᠨ ᠤᠳᠤᠷᠢᠳᠤᠯᠭ᠎ᠠ ᠵᠠᠩ ᠶᠦᠩ ᠵᠢᠶᠦ᠋ᠨ ᠪᠠ ᠵᠧᠦ ᠵᠢᠶᠠᠨ ᠫᠢᠩ ᠨᠠᠷ ᠣᠷᠣᠯᠴᠠᠪᠠ᠃
   ᠯᠢ ᠱᠦ ᠸᠧᠢ ᠤᠷᠢᠳ ᠬᠤᠵᠢᠳ ᠰᠢᠨ ᠲᠠᠢ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠵᠢᠩ ᠯᠧᠢ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠬᠠᠢ ᠫᠧᠩ ᠢᠳᠡᠭᠡᠨ ᠤ ᠬᠢᠵᠠᠭᠠᠷᠲᠤ ᠺᠣᠮᠫᠠᠨᠢ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠰᠤᠳᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃
   ᠯᠢ ᠱᠤ᠋ ᠸᠧᠢ ᠴᠢᠬᠤᠯᠠᠴᠢᠯᠠᠭᠰᠠᠨ ᠨᠢ᠄ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠪᠣᠯᠣᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠬᠢᠨᠠᠯᠲᠠ ᠲᠠᠯᠪᠢᠵᠤ ᠵᠢᠯᠤᠭᠤᠳᠬᠤ ᠪᠠ ᠠᠮᠤᠷ ᠲᠦᠪᠰᠢᠨ ᠤ ᠬᠥᠮᠦᠵᠢᠯ ᠢ ᠰᠠᠶᠢᠲᠤᠷ ᠠᠳᠬᠤᠵᠤ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ︔ ᠠᠵᠤ ᠠᠬᠤᠶᠢᠯᠠᠯ ᠤᠨ ᠲᠤᠰᠬᠠᠢ ᠠᠩᠭᠢ ᠶᠢ ᠲᠦᠷᠭᠡᠬᠡᠨ ᠪᠠᠶᠢᠭᠤᠯᠵᠤ᠂ ᠡᠯ᠎ᠡ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠤᠭᠤᠷᠣᠨᠳᠣᠬᠢ ᠬᠠᠷᠢᠯᠴᠠᠭ᠎ᠠ ᠶᠢ ᠨᠠᠪᠲᠠᠷᠡᠭᠦᠯᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠳᠡᠵᠦ᠂ ᠠᠵᠤ ᠠᠬᠤᠶᠢᠯᠠᠯ ᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠷ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠬᠡᠷᠡᠭᠲᠡᠢ︔ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠦᠷᠭᠦᠯᠵᠢᠯᠡᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ ᠴᠣᠭᠴᠠᠯᠠᠬᠤ ᠬᠡᠷᠡᠭᠲᠡᠢ︔ ᠪᠣᠬᠢᠷᠲᠤᠯ ᠦᠭᠡᠢ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠥᠪᠡᠷ ᠤᠨ ᠦᠷᠳᠡᠭ ᠢ ᠪᠠᠭᠤᠷᠠᠭᠤᠯᠬᠤ᠂ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ︔ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠭᠦᠬᠡᠢ ᠮᠠᠲ᠋ᠧᠷᠢᠶᠠᠯ ᠤᠨ ᠪᠠᠷᠠᠭ᠎ᠠ ᠣᠷᠣᠭᠤᠯᠬᠤ᠂ ᠡᠳ᠋ᠰᠢᠭᠦᠯᠦᠨ ᠦᠢᠯᠡᠳᠪᠦᠷᠢᠯᠡᠬᠦ᠂ ᠦᠢᠯᠡᠳᠬᠦᠨ ᠢ ᠰᠢᠯᠭᠠᠨ ᠪᠠᠶᠢᠴᠠᠭᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠡᠵᠡᠮᠳᠡᠵᠦ᠂ ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠹᠧᠩᠵᠧᠨ ᠤ ᠶᠧᠪᠡᠩ ᠤᠨ ᠨᠠᠷᠠᠲᠤ ᠲᠥᠷᠥᠯ ᠲᠡᠮᠳᠡᠭᠲᠦ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤᠮᠳᠠ ᠬᠥᠭᠵᠢᠭᠦᠯᠬᠦ ᠶᠢ ᠠᠬᠢᠭᠤᠯᠵᠤ᠂ ᠬᠥᠭᠵᠢᠯᠲᠡ ᠶᠢᠨ ᠳᠤᠮᠳᠠ ᠰᠢᠨ᠎ᠡ ᠶᠢ ᠡᠭᠦᠳᠴᠦ᠂ ᠹᠧᠩᠵᠧᠨ ᠤ ᠶᠧᠪᠡᠩ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ  ᠳᠡᠭᠡᠭᠰᠢᠯᠡᠭᠦᠯᠬᠦ ᠬᠡᠷᠡᠭᠳᠡᠢ᠃          ᠵᠣᠬᠢᠶᠠᠭᠴᠢ᠄ ᠪᠠᠢ ᠯᠢ ᠨᠠ          ᠨᠠᠶᠢᠷᠠᠭᠤᠯᠤᠭᠴᠢ᠄ ᠵᠢᠶᠠ ᠷᠠᠨ ᠲᠦᠩ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3