| 8 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠯᠦᠩ ᠱᠧᠩ ᠵᠤᠸᠠᠩ | ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠤᠳᠤᠷᠢᠳᠤᠯᠭ᠎ᠠ ᠸᠧᠢ ᠭᠦᠸᠧ ᠴᠦᠨ ᠪᠠ ᠵᠠᠩ | ᠰᠢᠨ ᠨᠠᠷ ᠣᠷᠣᠯᠴᠠᠪᠠ᠃ | | ᠯᠢ ᠶᠢᠩ ᠤᠷᠢᠳ ᠬᠤᠵᠢᠳ ᠰᠠᠭᠠᠯᠢ ᠶᠢᠨ ᠬᠤᠨᠢᠨ ᠤ ᠰᠠᠭᠤᠷᠢᠨ ᠭᠠᠵᠠᠷ᠂ ᠹᠧᠩ ᠯᠦᠩ ᠲᠦᠮᠡᠨ ᠦᠬᠡᠷ ᠤᠨ | ᠲᠠᠯᠠᠪᠠᠢ᠂ ᠨᠢᠲᠤᠯᠬᠤ ᠲᠠᠯᠠᠪᠠᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠬᠦ᠂ | ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ | ᠬᠦᠴᠢᠷᠳᠡᠯ ᠪᠣᠯᠣᠨ ᠠᠰᠠᠭᠤᠳᠠᠯ ᠢ ᠨᠠᠷᠢᠨ ᠣᠶᠢᠯᠠᠭᠠᠪᠠ᠃ | | ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠪᠦᠲᠦᠴᠡ ᠶᠢ | ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠵᠦ᠂ ᠨᠥᠯᠥᠭᠡᠯᠡᠨ ᠳᠠᠶᠢᠴᠢᠯᠠᠵᠤ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠭᠤᠯᠬᠤ ᠴᠢᠳᠠᠪᠤᠷᠢ ᠶᠢᠨ ᠲᠦᠪᠰᠢᠨ ᠢ ᠲᠡᠭᠡᠭᠰᠢᠯᠡᠬᠦᠯᠦᠨ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ | ᠰᠢᠢᠳᠪᠦᠷᠢᠯᠡᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠬᠤ ᠬᠡᠷᠡᠭᠲᠡᠢ ᠬᠡᠵᠦ ᠯᠢ ᠶᠢᠩ | ᠴᠢᠬᠤᠯᠠᠴᠢᠯᠠᠪᠠ᠃ | ᠯᠦᠩ ᠱᠧᠩ ᠵᠤᠸᠠᠩ ᠪᠠᠯᠭᠠᠰᠤᠨ ᠤ ᠳ᠋ᠦᠩ ᠭᠤᠸᠠᠨ ᠲᠣᠰᠬᠤᠨ ᠪᠣᠯᠣᠨ ᠪᠠᠢ ᠪᠦᠦ ᠵᠤᠸᠠᠩ ᠲᠣᠰᠬᠤᠨ ᠳᠤ᠂ | ᠯᠢ ᠶᠢᠩ ᠡᠷᠦᠭᠡ ᠪᠠᠷ ᠣᠷᠣᠵᠤ᠂ ᠲᠣᠰᠬᠤᠨ ᠤ ᠠᠷᠠᠳ ᠲᠠᠢ ᠳᠣᠲᠣᠨᠣ ᠪᠠᠷ ᠶᠠᠷᠢᠯᠴᠠᠵᠤ᠂ ᠤᠯᠠᠨ ᠤ ᠠᠮᠢᠳᠤᠷᠠᠯ ᠤᠨ | ᠪᠠᠶᠢᠳᠠᠯ᠂ ᠪᠡᠶ᠎ᠡ ᠮᠠᠬᠠᠪᠤᠳ ᠤᠨ ᠪᠠᠶᠢᠳᠠᠯ᠂ ᠭᠡᠷ ᠪᠦᠯᠢ ᠶᠢᠨ ᠣᠷᠣᠯᠭ᠎ᠠ ᠵᠢᠴᠢ ᠦᠷ᠎ᠡ ᠬᠡᠦᠬᠡᠳ ᠤᠨ ᠠᠵᠢᠯ ᠵᠡᠷᠭᠡ | ᠪᠠᠶᠢᠳᠠᠯ ᠢ ᠯᠠᠪᠯᠠᠨ ᠠᠰᠠᠭᠤᠬᠰᠠᠨ ᠮᠦᠷᠳᠡᠭᠡᠨ ᠯᠦᠩ ᠱᠧᠩ ᠵᠤᠸᠠᠩ ᠪᠠᠯᠭᠠᠰᠤ ᠶᠢᠨ ᠬᠢᠨ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠦᠷᠭᠦᠯᠵᠢᠯᠡᠨ ᠬᠠᠯᠠᠮᠵᠢᠯᠠᠨ ᠠᠩᠬᠠᠷᠴᠤ᠂ ᠬᠥᠳᠡᠯᠦᠩᠭᠦᠢ ᠬᠢᠨᠠᠨ | ᠬᠡᠮᠵᠢᠯᠲᠡ ᠶᠢ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠠᠮ ᠤᠨ ᠠᠷᠠᠳ ᠲᠤ ᠠᠰᠢᠭ | ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ | ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠲᠣᠰᠬᠤᠨ ᠤ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠬᠡᠵᠦ ᠱᠠᠭᠠᠷᠳᠠᠪᠠ᠃ | | | ᠵᠣᠬᠢᠶᠠᠭᠴᠢ᠄ ᠴᠧᠨ ᠸᠧᠨ ᠵᠢᠶᠧ | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |