ᠵᠠᠮ ᠢ ᠬᠠᠭᠠᠰ ᠪᠢᠳᠡᠭᠦᠮᠵᠢᠯᠡᠬᠦ ᠵᠠᠷᠯᠠᠯ
ᠨᠡᠶᠢᠲᠡᠯᠡᠭᠰᠡᠨ ᠴᠠᠭ᠄
2024/8/28
     ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠹᠧᠩᠵᠧᠨ ᠬᠤᠲᠠ ᠶᠢᠨ ᠳᠤᠯᠠᠭᠠᠨ ᠪᠦᠯᠢᠶᠡᠨ ᠪᠠᠷᠢᠯᠭ᠎ᠠ ᠶᠢᠨ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠤᠨ ᠳ᠋ᠠ ᠰᠢ ᠵᠡᠭᠡᠯᠢ ︵ᠨᠢᠭᠡ ᠰᠦᠯᠵᠢᠶᠡᠨ ᠤ ᠢᠨᠵᠧᠨᠧᠷᠢᠩ︶ ᠶᠢ ᠣᠶᠢᠷ᠎ᠠ ᠶᠢᠨ ᠬᠤᠭᠤᠴᠠᠭᠠᠨ ᠳᠤ ᠡᠬᠢᠯᠡᠨ ᠪᠦᠲᠦᠭᠡᠨ ᠪᠠᠶᠢᠭᠤᠯᠵᠤ᠂ ᠪᠠᠷᠢᠯᠭ᠎ᠠ ᠶᠢᠨ ᠤᠷᠤᠭᠰᠢᠲᠠᠢ ᠪᠠᠷᠢᠬᠤ ᠪᠠ ᠪᠠᠷᠢᠯᠭ᠎ᠠ ᠪᠠᠷᠢᠬᠤ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ 2024 ᠣᠨ ᠤ 8 ᠰᠠᠷ᠎ᠠ ᠶᠢᠨ 28 ᠤ ᠡᠳᠦᠷ ᠠᠴᠠ 2024 ᠣᠨ ᠤ 10 ᠰᠠᠷ᠎ᠠ ᠶᠢᠨ 20 ᠤ ᠡᠳᠦᠷ ᠪᠣᠯᠲᠠᠯ᠎ᠠ᠂ ᠳ᠋ᠠ ᠰᠢ ᠵᠡᠭᠡᠯᠢ ᠶᠢᠨ ᠪᠠᠷᠠᠭᠤᠨ ᠬᠡᠰᠡᠭ ᠤᠨ ᠮᠢᠩ ᠵᠦ ᠪᠠᠭ᠎ᠠ ᠲᠣᠭᠤᠷᠢᠭ ᠤᠨ ᠬᠤᠶᠢᠲᠤ ᠲᠠᠯ᠎ᠠ ᠠᠴᠠ ᠦᠨᠳᠦᠷ ᠬᠤᠷᠳᠤᠴᠠᠲᠤ ᠲᠡᠮᠦᠷ ᠵᠠᠮ ᠤᠨ ᠵᠥᠷᠢᠯᠢᠭ ᠬᠡᠰᠡᠭ ᠲᠤ ᠬᠠᠭᠠᠰ ᠪᠢᠳᠡᠭᠦᠮᠵᠢᠯᠡᠨ ᠪᠠᠷᠢᠯᠭ᠎ᠠ ᠪᠠᠷᠢᠬᠤ ᠪᠠᠷ ᠲᠣᠭᠲᠠᠪᠠ᠂ ᠲᠤᠬᠠᠢ ᠶᠢᠨ ᠦᠶ᠎ᠡ ᠳᠤ ᠲᠣᠮᠣ ᠬᠡᠯᠪᠡᠷᠢ ᠶᠢᠨ ᠲᠡᠷᠭᠡ ᠤᠨᠤᠭ᠎ᠠ ᠪᠤᠰᠤᠳ ᠵᠠᠮ ᠤᠨ ᠬᠡᠰᠡᠭ ᠢ ᠲᠣᠭᠤᠷᠢᠵᠤ᠂ ᠵᠢᠵᠢᠭ ᠬᠡᠯᠪᠡᠷᠢ ᠶᠢᠨ ᠲᠡᠷᠭᠡ ᠬᠥᠰᠬᠡ ᠬᠤᠷᠳᠤᠴᠠ ᠪᠠᠨ ᠤᠳᠠᠭᠠᠰᠢᠷᠠᠭᠤᠯᠤᠨ ᠶᠠᠪᠤᠭᠠᠷᠠᠢ᠃ ᠪᠠᠷᠢᠯᠭ᠎ᠠ ᠶᠢᠨ ᠠᠵᠢᠯ ᠰᠠᠭᠠᠳ ᠤᠴᠠᠷᠠᠭᠤᠯᠤᠭᠰᠠᠨ ᠠᠴᠠ ᠥᠷᠭᠡᠨ ᠣᠯᠠᠨ ᠲᠦᠮᠡᠨ ᠤ ᠠᠭᠤᠴᠢᠯᠠᠬᠤ ᠶᠢ ᠬᠦᠰᠡᠵᠦ ᠪᠠᠶᠢᠨ᠎ᠠ︕            ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ            ᠹᠧᠩᠵᠧᠨ ᠬᠤᠲᠠ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠡᠯᠡ‌ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ                    2024 ᠣᠨ ᠤ 8 ᠰᠠᠷ᠎ᠠ ᠶᠢᠨ 27 ᠤ ᠡᠳᠦᠷ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3