︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ᠎ᠠ︾
ᠨᠡᠶᠢᠲᠡᠯᠡᠭᠰᠡᠨ ᠴᠠᠭ᠄
2024/8/28
           —— ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ    8 ᠰᠠᠷ᠎ᠠ ᠶᠢᠨ 27 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠮᠠᠨ ᠤ ᠬᠤᠲᠠ ᠶᠢᠨ  ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠤᠬᠠᠭᠤᠯᠤᠨ ᠲᠠᠶᠢᠯᠪᠤᠷᠢᠯᠠᠪᠠ᠃ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠨᠡᠶᠢᠭᠡᠮ ᠲᠣᠭᠤᠷᠢᠭ ᠤᠨ ᠺᠠᠳ᠋ᠷ ᠣᠯᠠᠨ ᠲᠦᠮᠡᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃
   ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠹᠧᠩᠴᠤᠸᠠᠨ ᠠᠷᠢᠬᠢᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠯᠪᠠᠨ ᠭᠡᠷ ᠤᠨ ᠡᠷᠬᠢᠯᠡᠭᠴᠢ ᠪᠥᠭᠡᠳ ᠠᠷᠢᠬᠢ ᠦᠢᠯᠡᠳᠬᠦ ᠦᠢᠯᠡᠳᠪᠦᠷᠢ ᠶᠢᠨ ᠲᠠᠰᠤᠭ ᠤᠨ ᠡᠷᠬᠢᠯᠡᠭᠴᠢ ᠵᠠᠩ ᠭᠧᠨ ᠵᠢᠦ ᠨᠥᠬᠦᠷ ᠤᠨᠤᠯ ᠢ ᠪᠣᠳᠠᠲᠠᠢ ᠲᠠᠢ ᠤᠶᠠᠯᠳᠤᠭᠤᠯᠬᠤ ᠠᠷᠭ᠎ᠠ ᠬᠡᠯᠪᠡᠷᠢ ᠪᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠣᠨ ᠶᠡᠷᠦᠩᠬᠡᠢ ᠱᠠᠭᠠᠷᠳᠠᠯᠭ᠎ᠠ ᠠᠴᠠ ᠥᠭᠡᠷᠡᠴᠢᠯᠡᠯᠲᠡ ᠶᠢᠨ ᠵᠣᠷᠢᠯᠭ᠎ᠠ᠂ ᠡᠭᠦᠷᠭᠡ᠂ ᠠᠷᠭ᠎ᠠ ᠬᠡᠮᠵᠢᠶ᠎ᠡ ᠶᠢ ᠣᠨᠣᠪᠴᠢᠲᠠᠢ  ᠤᠶᠢᠯᠠᠭᠠᠬᠤ ᠪᠠ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠭᠦᠨᠵᠡᠭᠡᠢ ᠲᠠᠶᠢᠯᠪᠤᠷᠢᠯᠠᠪᠠ᠃    ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠲᠠᠷᠠᠭ᠎ᠠ᠂ ᠬᠤᠷᠠᠯ ᠳᠤ ᠣᠷᠣᠯᠴᠠᠭᠰᠠᠳ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠪᠦᠬᠦ ᠲᠠᠯ᠎ᠠ ᠪᠠᠷ ᠰᠢᠰᠲ᠋ᠧᠮ ᠲᠠᠢ᠂ ᠭᠤᠣᠯᠳᠠᠯᠭ᠎ᠠ ᠨᠢ ᠲᠣᠪᠣᠶᠢᠮ᠎ᠠ᠂ ᠭᠦᠨᠵᠡᠭᠡᠢ ᠴᠢᠩᠭ᠎ᠠ ᠨᠢᠮᠪᠠᠢ᠂ ᠣᠶᠢᠯᠠᠭᠠᠮᠵᠢᠲᠠᠢ᠂ ᠤᠨᠤᠯ ᠤᠨ ᠥᠨᠳᠥᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ ᠪᠠᠶᠢᠵᠤ᠂ ᠪᠢᠳᠡᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠴᠢᠨᠠᠭᠰᠢᠳᠠ ᠠᠬᠢᠭᠤᠯᠬᠤ ᠳᠤ ᠮᠠᠰᠢ ᠰᠠᠶᠢᠨ ᠵᠢᠯᠣᠭᠤᠳᠤᠯᠭ᠎ᠠ ᠬᠢᠪᠡ᠃ ᠬᠤᠶᠢᠰᠢᠳᠠ ᠰᠣᠷᠣᠭᠰᠠᠨ ᠮᠡᠳᠡᠯᠭᠡ ᠪᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠦᠢᠯᠡᠳᠦᠯᠭᠡ ᠳᠤ ᠣᠷᠣᠯᠴᠠᠵᠤ᠂ ᠹᠧᠩᠵᠧᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠵᠦ ᠢᠯᠡᠷᠭᠡᠶᠢᠯᠡᠵᠡᠭᠡᠪᠡ᠃            ᠵᠣᠬᠢᠶᠠᠭᠴᠢ᠄ ᠪᠠᠢ ᠯᠢ ᠨᠠ            ᠨᠠᠶᠢᠷᠠᠭᠤᠯᠤᠭᠴᠢ᠄ ᠯᠢ ᠰᠧ ᠬᠤᠢ            ᠬᠢᠨᠠᠨ ᠬᠠᠷᠭᠤᠯᠤᠭᠴᠢ᠄ ᠶᠠᠨ ᠬᠤᠸᠠᠢ ᡁᠢ            ᠤᠷᠴᠢᠭᠤᠯᠤᠭᠴᠢ᠄ ᠬᠠᠨ ᠰᠢᠶᠤᠤ ᠿᠦᠩ            ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3