| | ᠥᠩᠭᠡᠷᠡᠭᠰᠡᠨ ᠳᠤ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠱᠠᠭᠡᠷᠳᠤ ᠰᠢᠶᠠᠩ ᠤᠨ ᠪᠠᠵᠠᠭ ᠭᠤᠤ | ᠲᠣᠰᠬᠤᠨ ᠤ ᠲᠠᠷᠢᠶᠠᠨ ᠭᠠᠵᠠᠷ ᠲᠤ ᠬᠠᠶᠠᠭᠳᠠᠮᠠᠯ ᠰᠦᠯᠢᠶᠥᠦ ᠪᠦᠷᠬᠦᠪᠴᠢ ᠬᠡᠰᠡᠭ ᠬᠡᠰᠡᠭ ᠢᠶᠠᠷ ᠴᠠᠶᠢᠷᠠᠨ | ᠬᠠᠷᠠᠭᠳᠠᠵᠤ᠂ ᠴᠢᠨᠠᠭᠰᠢᠯᠠᠪᠠᠯ ᠰᠠᠯᠬᠢᠨ ᠳᠤ ᠬᠡᠶᠢᠰᠦᠭᠳᠡᠭᠡᠳ ᠲᠤᠰᠬᠤᠨ ᠤ ᠠᠷᠠᠳ ᠤᠨ ᠬᠦᠷᠢᠶ᠎ᠡ ᠬᠠᠰᠢᠶ᠎ᠠ ᠪᠤᠶᠤ | ᠤᠷᠭᠤᠭ᠎ᠠ ᠮᠣᠳᠣᠨ ᠤ ᠰᠠᠯᠠᠭ᠎ᠠ ᠨᠠᠮᠠᠭ᠎ᠠ ᠭᠦᠷᠲᠡᠯ᠎ᠡ ᠳᠡᠭᠦᠵᠢᠯᠡᠭᠳᠡᠨ ᠳᠡᠷᠪᠡᠯᠵᠡᠵᠤ ᠪᠠᠶᠢᠵᠠᠢ᠃ ︽ᠣᠳᠣ ᠡᠶᠢᠮᠦ | ᠪᠠᠶᠢᠳᠠᠯ ᠬᠠᠷᠠᠭᠳᠠᠬᠤ ᠦᠭᠡᠢ ᠪᠣᠯᠵᠤ᠂ ᠡᠷᠦᠭᠡ ᠪᠣᠯᠭᠠᠨ ᠪᠦᠷ ᠰᠢᠨ᠎ᠡ ᠭᠡᠯᠪᠡᠷᠢ ᠶᠢᠨ ᠰᠦᠯᠢᠶᠥᠦ ᠪᠦᠷᠬᠦᠪᠴᠢ ᠶᠢ | ᠬᠡᠷᠡᠭᠯᠡᠵᠦ ᠪᠠᠶᠢᠨ᠎ᠠ᠂ ᠨᠠᠮᠤᠷ ᠤᠨ ᠰᠡᠭᠦᠯᠴᠢ ᠪᠠᠷ ᠲᠠᠷᠢᠶ᠎ᠠ ᠲᠥᠮᠥᠰᠥ ᠪᠠᠨ ᠲᠣᠮᠣ ᠮᠠᠰᠢᠨ ᠢᠶᠠᠷ ᠨᠢᠭᠡᠳᠦᠯᠲᠡᠢ ᠬᠠᠳᠤᠵᠤ | ᠬᠤᠷᠢᠶᠠᠬᠤ ᠦᠶ᠎ᠡ ᠳᠤ ᠰᠦᠯᠢᠶᠥᠦ ᠪᠦᠷᠬᠦᠪᠴᠢ ᠶᠢ ᠴᠦ ᠬᠤᠷᠢᠶᠠᠨ ᠠᠪᠴᠤ᠂ ᠪᠠᠰᠠ ᠲᠠᠷᠢᠶᠠᠨ ᠭᠠᠵᠠᠷ ᠢᠶᠠᠨ | ᠤᠷᠪᠠᠭᠤᠯᠵᠤ ᠴᠡᠪᠡᠷᠯᠡᠴᠢᠬᠡᠳᠡᠭ︾ ᠭᠡᠵᠦ ᠪᠠᠵᠠᠭ ᠭᠤᠤ ᠲᠣᠰᠬᠤᠨ ᠤ ᠲᠠᠷᠢᠶᠠᠴᠢᠨ ᠳ᠋ᠦ᠋ ᠸᠧᠨ ᠴᠤᠤ | ᠲᠠᠨᠢᠯᠴᠠᠭᠤᠯᠤᠨ᠎ᠠ᠃ ᠲᠡᠷᠡ 2022 ᠣᠨ ᠠᠴᠠ ᠡᠬᠢᠯᠡᠨ ᠵᠤᠵᠠᠭᠠᠨ ᠰᠦᠯᠢᠶᠥᠦ ᠪᠦᠷᠬᠦᠪᠴᠢ ᠬᠡᠷᠡᠭᠯᠡᠬᠦ ᠶᠢᠨ ᠬᠠᠮᠲᠤ | ᠬᠤᠷᠢᠶᠠᠨ ᠠᠪᠬᠤ ᠠᠵᠢᠯ ᠥᠷᠨᠢᠭᠦᠯᠵᠦ᠂ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ | ᠲᠠᠷᠢᠶᠠᠨ ᠭᠠᠵᠠᠷ ᠤᠨ ᠬᠤᠷᠢᠶᠠᠯᠲᠠ ᠴᠤ ᠰᠠᠶᠢᠵᠢᠷᠠᠵᠠᠢ᠃ ᠡᠨᠡ ᠵᠢᠯ ᠳᠡᠳᠡᠨ ᠤ ᠬᠢᠨ 400 ᠭᠠᠷᠤᠢ ᠮᠦ ᠨᠠᠷᠢᠮᠤ | ᠲᠠᠷᠢᠵᠤ᠂ ᠤᠷᠭᠤᠯᠲᠠ ᠨᠢ ᠮᠠᠰᠢ ᠰᠠᠶᠢᠨ ᠪᠠᠶᠢᠨ᠎ᠠ᠃ | ︽ᠨᠢᠳᠤᠨᠤᠨ ᠲᠤᠰᠬᠠᠢ ᠬᠤᠷᠰᠢᠶ᠎ᠠ 1.5 ᠲᠦᠮᠡᠨ ᠮᠦ ᠲᠠᠷᠢᠶᠠᠨ ᠭᠠᠵᠠᠷ ᠲᠤ ᠵᠤᠵᠠᠭᠠᠨ ᠰᠦᠯᠢᠶᠥᠦ | ᠪᠦᠷᠬᠦᠪᠴᠢ ᠬᠡᠷᠡᠭᠯᠡᠵᠦ᠂ ᠪᠦᠭᠦᠨ ᠢ ᠮᠠᠰᠢᠨ ᠢᠶᠠᠷ ᠬᠤᠷᠢᠶᠠᠵᠤ ᠠᠪᠤᠭᠰᠠᠨ ᠢᠶᠠᠷ ᠭᠦᠳᠡᠯᠮᠤᠷᠢ ᠬᠦᠴᠦᠨ ᠳᠤ ᠠᠷᠪᠢᠲᠠᠢ | ᠮᠥᠷᠲᠡᠭᠡᠨ ᠴᠠᠭ ᠲᠤ ᠴᠦ ᠠᠷᠪᠢᠲᠠᠢ ᠪᠠᠶᠢᠵᠤ᠂ ᠬᠤᠷᠢᠶᠠᠨ ᠠᠪᠬᠤ ᠨᠤᠷᠮ᠎ᠠ ᠨᠢ ᠴᠦ ᠥᠨᠳᠥᠷ ᠪᠠᠶᠢᠯ᠎ᠠ᠃ ᠡᠨᠡ ᠵᠢᠯ | ᠲᠤᠰᠬᠠᠢ ᠬᠤᠷᠰᠢᠶ᠎ᠠ ᠠᠴᠠ ᠪᠠᠰᠠ ᠨᠢᠭᠡᠨ ᠰᠢᠨ᠎ᠡ ᠭᠡᠯᠪᠡᠷᠢ ᠶᠢᠨ ᠰᠦᠯᠢᠶᠥᠦ ᠪᠦᠷᠬᠦᠪᠴᠢ ᠬᠤᠷᠢᠶᠠᠨ ᠠᠪᠬᠤ ᠲᠣᠮᠣ | ᠮᠠᠰᠢᠨ ᠣᠷᠣᠭᠤᠯᠵᠤ᠂ ᠪᠦᠭᠦ ᠲᠣᠰᠬᠤᠨ ᠤ ᠰᠦᠯᠢᠶᠥᠦ ᠪᠦᠷᠬᠦᠪᠴᠢ ᠪᠠᠨ ᠬᠤᠷᠢᠶᠠᠨ ᠠᠪᠬᠤ ᠱᠠᠭᠠᠷᠳᠠᠯᠭ᠎ᠠ ᠶᠢ | ᠦᠨᠳᠦᠰᠦᠨ ᠳᠡᠭᠡᠨ ᠬᠠᠩᠭᠠᠵᠤ ᠳᠡᠶᠢᠯᠭᠦ ᠪᠣᠯᠵᠠᠢ︾ ᠭᠡᠵᠦ ᠯᠢᠨᠰᠢ ᠶᠢᠨ ᡁᠢ ᠮᠢᠨ ᠱᠦᠨ ᠹᠠ ᠲᠠᠷᠢᠶᠠᠯᠠᠩ ᠤᠨ | ᠮᠠᠰᠢᠨ ᠤ ᠲᠤᠰᠬᠠᠢ ᠬᠤᠷᠰᠢᠶ᠎ᠠ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᡁᠢ ᠮᠢᠨ ᠲᠠᠨᠢᠯᠴᠠᠭᠤᠯᠤᠨ᠎ᠠ᠃ | ᠮᠠᠨ ᠤ ᠣᠷᠣᠨ ᠪᠣᠯ ᠤᠯᠤᠰ ᠤᠨ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠶᠢ ᠬᠡᠷᠡᠭᠯᠡᠬᠦ | ᠭᠤᠣᠯᠳᠠᠯᠭ᠎ᠠ ᠲᠠᠢ ᠣᠷᠣᠨ ᠪᠦᠰᠡ ᠪᠤᠯᠬᠤ ᠪᠥᠭᠡᠳ ᠬᠡᠷᠡᠭᠯᠡᠬᠦ ᠬᠡᠮᠵᠢᠶ᠎ᠡ ᠪᠠᠷ ᠶᠡᠭᠡ᠂ ᠬᠠᠮᠤᠷᠬᠤ ᠬᠡᠪᠴᠢᠶ᠎ᠡ ᠨᠢ | ᠥᠷᠭᠡᠨ ᠪᠠᠶᠢᠳᠠᠭ᠃ ᠰᠦᠯᠢᠶᠥᠦ ᠪᠦᠷᠬᠦᠪᠴᠢ ᠬᠡᠷᠡᠭᠯᠡᠬᠦ ᠮᠡᠷᠭᠡᠵᠢᠯ ᠨᠢ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ | ᠲᠠᠯ᠎ᠠ ᠪᠠᠷ ᠯᠤᠲᠤ ᠶᠡᠭᠡ ᠦᠢᠯᠡᠳᠦᠯ ᠦᠵᠡᠭᠦᠯᠦᠭᠰᠡᠨ ᠪᠤᠯᠪᠠᠴᠤ ᠬᠤᠷᠢᠶᠠᠨ ᠠᠪᠬᠤ ᠳᠤ ᠬᠦᠴᠢᠷ ᠪᠠᠶᠢᠵᠤ᠂ | ᠬᠠᠶᠠᠭᠳᠠᠮᠠᠯ ᠰᠦᠯᠢᠶᠥᠦ ᠪᠦᠷᠬᠦᠪᠴᠢ ᠲᠠᠷᠢᠶᠠᠨ ᠭᠠᠵᠠᠷ ᠲᠤ ᠵᠢᠯ ᠳᠠᠷᠠᠭᠠᠯᠠᠨ ᠬᠤᠷᠠᠮᠳᠤᠭᠰᠠᠨ ᠠᠴᠠ ᠵᠠᠷᠢᠮ ᠲᠠᠷᠢᠶᠠᠨ | ᠭᠠᠵᠠᠷ ᠤᠨ ᠬᠥᠷᠥᠰᠥ ᠰᠢᠷᠣᠢ ᠶᠢᠨ ᠠᠭᠠᠷ ᠨᠡᠪᠲᠡᠷᠡᠬᠦ ᠴᠢᠨᠠᠷ ᠪᠠ ᠮᠢᠺᠷᠣᠪ ᠤᠨ ᠠᠵᠢᠯᠯᠠᠭ᠎ᠠ ᠶᠢ ᠨᠥᠯᠥᠭᠡᠯᠡᠨ᠂ | ᠬᠥᠷᠥᠰᠥ ᠰᠢᠷᠣᠢ ᠶᠢᠨ ᠥᠩ ᠰᠢᠮ᠎ᠡ ᠶᠢ ᠪᠠᠭᠤᠷᠠᠭᠤᠯᠵᠤ᠂ ᠲᠠᠷᠢᠮᠠᠯ ᠤᠨ ᠤᠨᠠᠯᠲᠠ ᠶᠢ ᠨᠡᠮᠡᠭᠳᠡᠭᠦᠯᠵᠦ ᠣᠷᠣᠯᠭ᠎ᠠ ᠪᠠᠨ | ᠨᠡᠮᠡᠭᠳᠡᠭᠦᠯᠬᠦ ᠶᠢ ᠴᠦ ᠬᠦᠯᠢᠶᠡᠰᠦᠯᠡᠬᠦ ᠪᠣᠯᠵᠠᠢ᠃ | ᠣᠳᠣᠬᠠᠨ ᠳᠤ ᠮᠠᠨ ᠤ ᠣᠷᠣᠨ ᠲᠠᠷᠢᠶᠠᠨ ᠭᠠᠵᠠᠷ ᠤᠨ ᠬᠠᠶᠠᠬᠳᠠᠮᠠᠯ ᠰᠦᠯᠢᠶᠥᠦ ᠪᠦᠷᠬᠦᠪᠴᠢ ᠶᠢ ᠪᠣᠬᠢᠷᠳᠤᠯ | ᠦᠭᠡᠢ ᠪᠠᠷ ᠳᠠᠭᠢᠨ ᠠᠰᠢᠭᠯᠠᠬᠤ ᠶᠢ ᠠᠬᠢᠭᠤᠯᠵᠤ᠂ ᠡᠩ ᠤᠨ PE ᠰᠦᠯᠢᠶᠥᠦ ᠪᠦᠷᠬᠦᠪᠴᠢ ᠬᠡᠷᠡᠭᠯᠡᠬᠦ ᠬᠡᠮᠵᠢᠶ᠎ᠡ ᠶᠢ | ᠪᠠᠭᠠᠰᠬᠠᠨ᠂ ᠣᠷᠣᠯᠠᠭᠤᠯᠬᠤ ᠮᠡᠷᠭᠡᠵᠢᠯ ᠤᠨ ᠡᠭᠦᠳᠦᠯᠲᠡ ᠶᠢ ᠦᠷᠭᠦᠯᠵᠢᠯᠡᠨ ᠬᠠᠶᠢᠵᠤ᠂ ᠠᠮᠢᠳᠤ ᠪᠣᠳᠠᠰ ᠤᠨ | ᠵᠠᠳᠠᠷᠠᠬᠤ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠵᠦ᠂ ᠠᠮᠢ ᠠᠬᠤᠢ ᠪᠠ ᠡᠯᠪᠡᠭ | ᠬᠤᠷᠢᠶᠠᠯᠲᠠ ᠶᠢᠨ ᠬᠤᠣᠰ ᠦᠷ᠎ᠡ ᠠᠰᠢᠭ ᠢ ᠪᠠᠲᠤᠯᠠᠵᠤ ᠪᠤᠢ᠃ ︽ᠣᠳᠣᠬᠠᠨ ᠳᠤ ᠳᠡᠯᠭᠡᠷᠡᠭᠦᠯᠦᠨ ᠬᠡᠷᠡᠭᠯᠡᠵᠦ | ᠪᠠᠶᠢᠭ᠎ᠠ ᠰᠢᠨ᠎ᠡ ᠭᠡᠯᠪᠡᠷᠢ ᠶᠢᠨ ᠰᠦᠯᠢᠶᠥᠦ ᠪᠦᠷᠬᠦᠪᠴᠢ ᠨᠢ ᠭᠤᠣᠯᠳᠠᠭᠤ ᠬᠤᠶᠠᠷ ᠲᠥᠷᠥᠯ ᠪᠤᠢ᠂ ᠨᠢᠭᠡ ᠨᠢ ᠥᠨᠳᠥᠷ | ᠬᠦᠴᠦᠯᠡᠴᠡ ᠲᠠᠢ ᠵᠤᠵᠠᠭᠠᠨ ᠰᠦᠯᠢᠶᠥᠦ ᠪᠦᠷᠬᠦᠪᠴᠢ᠂ ᠨᠦᠭᠦᠭᠡ ᠨᠢ ᠠᠮᠢᠳᠤ ᠪᠣᠳᠠᠰ ᠤᠨ ᠵᠠᠳᠠᠷᠠᠬᠤ ᠰᠦᠯᠢᠶᠥᠦ | ᠪᠦᠷᠬᠦᠪᠴᠢ ᠪᠣᠯᠣᠨ᠎ᠠ᠃ ᠡᠯ᠎ᠡ ᠭᠠᠵᠠᠷ ᠤᠨ ᠲᠤᠷᠰᠢᠯᠲᠠ ᠶᠢᠨ ᠰᠤᠳᠤᠯᠭᠠᠨ ᠪᠠ ᠬᠡᠷᠡᠭᠯᠡᠯᠲᠡ ᠶᠢᠨ ᠪᠠᠶᠢᠳᠠᠯ ᠶᠣᠰᠣᠭᠠᠷ᠂ | ᠰᠦᠯᠢᠶᠥᠦ ᠪᠦᠷᠬᠦᠪᠴᠢ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠤᠭᠤᠳᠴᠤ᠂ ᠦᠨᠡᠨ ᠬᠦ | ᠴᠢᠬᠤᠯᠠ ᠲᠠᠢ ᠭᠠᠵᠠᠷ ᠣᠷᠣᠨ ᠪᠠ ᠲᠠᠷᠢᠮᠠᠯ ᠳᠤ ᠴᠢᠭᠯᠡᠭᠦᠯᠦᠨ᠂ ᠠᠵᠤ ᠠᠬᠤᠢ ᠶᠢᠨ ᠥᠷᠲᠡᠭ ᠢᠶᠠᠷ ᠨᠡᠯᠢᠶᠡᠳ | ᠥᠨᠳᠥᠷ ᠪᠠ ᠬᠤᠷᠢᠶᠠᠨ ᠠᠪᠬᠤ ᠳᠤ ᠬᠦᠴᠢᠷ ᠲᠠᠢ ᠲᠠᠷᠢᠮᠠᠯ ᠳᠤ ᠠᠮᠢᠳᠤ ᠪᠣᠳᠠᠰ ᠤᠨ ᠵᠠᠳᠠᠷᠠᠬᠤ ᠰᠦᠯᠢᠶᠥᠦ | ᠪᠦᠷᠬᠦᠪᠴᠢ ᠬᠡᠷᠡᠭᠯᠡᠬᠦ ᠶᠢ ᠳᠡᠯᠭᠡᠷᠡᠭᠦᠯᠵᠦ᠂ ᠠᠮᠠᠷᠬᠠᠨ ᠬᠤᠷᠢᠶᠠᠨ ᠠᠪᠬᠤ ᠲᠠᠷᠢᠮᠠᠯ ᠳᠤ ᠥᠨᠳᠥᠷ ᠬᠦᠴᠦᠯᠡᠴᠡ ᠲᠠᠢ | ᠵᠤᠵᠠᠭᠠᠨ ᠰᠦᠯᠢᠶᠥᠦ ᠪᠦᠷᠬᠦᠪᠴᠢ ᠬᠡᠷᠡᠭᠯᠡᠬᠦ ᠶᠢ ᠳᠡᠯᠭᠡᠷᠡᠭᠦᠯᠵᠦ ᠪᠠᠶᠢᠨ᠎ᠠ᠃ ᠡᠭᠦᠨ ᠤ ᠬᠠᠮᠲᠤ ᠬᠡᠰᠡᠭ ᠭᠠᠵᠠᠷ | ᠣᠷᠣᠨ ᠳᠤ ᠰᠢᠨ᠎ᠡ ᠭᠡᠯᠪᠡᠷᠢ ᠶᠢᠨ ᠰᠦᠯᠢᠶᠥᠦ ᠪᠦᠷᠬᠦᠪᠴᠢ ᠬᠡᠷᠡᠭᠯᠡᠬᠦ ᠳᠤ ᠨᠥᠬᠦᠪᠦᠷᠢ ᠣᠯᠭᠤᠵᠤ᠂ ᠬᠡᠷᠡᠭᠯᠡᠭᠴᠢ ᠶᠢᠨ | ᠥᠪᠡᠷ ᠤᠨ ᠥᠷᠲᠡᠭ ᠢ ᠵᠣᠬᠢᠬᠤ ᠬᠡᠮᠵᠢᠶ᠎ᠡ ᠪᠠᠷ ᠪᠠᠭᠤᠷᠠᠭᠤᠯᠪᠠ︾ ᠭᠡᠵᠦ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠳᠡᠭᠡᠳᠦ ᠵᠡᠷᠭᠡ ᠶᠢᠨ | ᠲᠠᠷᠢᠶᠠᠯᠠᠩ ᠤᠨ ᠲᠧᠭᠨᠢᠭᠴᠢ ᠾᠧ ᠫᠧᠩ ᠴᠧᠩ ᠲᠠᠨᠢᠯᠴᠠᠭᠤᠯᠤᠨ᠎ᠠ᠃ | ᠮᠠᠨ ᠤ ᠣᠷᠣᠨ ᠪᠠᠰᠠ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠲᠠᠯ᠎ᠠ ᠪᠠᠷ ᠬᠦᠴᠦᠯᠡᠨ᠂ | ᠣᠯᠠᠨ ᠡᠰᠢᠵᠢᠭᠦᠯᠦᠭᠰᠡᠨ ᠡᠭᠡᠭᠦᠯᠦᠨ ᠠᠰᠢᠭᠯᠠᠬᠤ ᠰᠢᠰᠲ᠋ᠧᠮ ᠢ ᠪᠦᠷᠢᠨᠰᠢᠭᠦᠯᠵᠦ᠂ ᠬᠠᠶᠠᠭᠳᠠᠮᠠᠯ ᠰᠦᠯᠢᠶᠥᠦ | ᠪᠦᠷᠬᠦᠪᠴᠢ ᠶᠢ ᠬᠤᠷᠢᠶᠠᠨ ᠠᠪᠬᠤ ᠲᠣᠣᠷᠵᠢᠯ ᠢ ᠲᠡᠭᠦᠯᠳᠡᠷᠵᠢᠭᠦᠯᠦᠨ᠂ ᠬᠠᠶᠠᠭᠳᠠᠮᠠᠯ ᠰᠦᠯᠢᠶᠥᠦ ᠪᠦᠷᠬᠦᠪᠴᠢ ᠶᠢ | ᠬᠤᠷᠢᠶᠠᠨ ᠠᠪᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠢ ᠲᠡᠳᠬᠦᠵᠦ᠂ | ᠬᠠᠭᠤᠴᠢᠨ ᠢᠶᠠᠷ ᠰᠢᠨ᠎ᠡ ᠶᠢ ᠰᠣᠯᠢᠬᠤ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠠᠴᠠ ᠲᠤᠰᠢᠶᠠᠬᠤ᠂ | ᠭᠤᠷᠪᠠᠳᠠᠭᠢ ᠡᠲᠡᠭᠡᠳ ᠤᠨ ᠪᠠᠶᠢᠭᠤᠯᠤᠮᠵᠢ ᠠᠴᠠ ᠬᠤᠷᠢᠶᠠᠨ ᠠᠪᠬᠤ ᠵᠡᠷᠭᠡ ᠣᠯᠠᠨ ᠡᠰᠢᠵᠢᠭᠰᠡᠨ ᠬᠤᠷᠢᠶᠠᠨ ᠠᠪᠬᠤ | ᠲᠣᠭᠲᠠᠴᠠ ᠶᠢ ᠠᠭᠠᠵᠢᠮ ᠢᠶᠠᠷ ᠪᠠᠶᠢᠭᠤᠯᠵᠤ ᠪᠤᠢ᠃ ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠶᠢᠨ ᠬᠠᠩ ᠯᠦᠩ | ᠠᠮᠢᠳᠤ ᠪᠣᠳᠠᠰ ᠤᠨ ᠴᠢᠨᠠᠷ ᠤᠨ ᠢᠯᠴᠢ ᠶᠢᠨ ᠴᠠᠭᠢᠯᠭᠠᠨ ᠤ ᠬᠢᠵᠠᠭᠠᠷᠲᠤ ᠺᠤᠮᠫᠠᠨᠢ ᠵᠥᠪᠭᠡᠨ ᠠᠮᠢᠳᠤ ᠪᠣᠳᠠᠰ ᠤᠨ | ᠴᠢᠨᠠᠷ ᠢᠶᠠᠷ ᠴᠠᠭᠢᠯᠭᠠᠨ ᠭᠠᠷᠭᠠᠬᠤ ᠨᠢᠭᠡ ᠯᠡ ᠵᠦᠢᠯ ᠢᠶᠠᠷ ᠲᠠᠮᠵᠢᠨ ᠵᠢᠯ ᠪᠦᠷᠢ 3 ᠲᠦᠮᠡᠨ ᠲᠤᠨ ᠬᠠᠶᠠᠭᠳᠠᠮᠠᠯ | ᠰᠦᠯᠢᠶᠥᠦ ᠪᠦᠷᠬᠦᠪᠴᠢ ᠶᠢ ᠬᠤᠣᠷ ᠦᠭᠡᠶᠢᠳᠡᠭᠦᠯᠦᠨ ᠰᠢᠢᠳᠪᠦᠷᠢᠯᠡᠵᠦ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠢᠯᠭᠠᠷᠠᠭᠤᠯᠤᠯᠳᠠ ᠶᠢ 21 ᠲᠦᠮᠡᠨ ᠲᠤᠨ ᠪᠠᠭᠠᠰᠬᠠᠨ᠂ ᠡᠷᠭᠢᠨ ᠲᠣᠭᠤᠷᠢᠨ ᠤ ᠠᠷᠠᠳ ᠤᠯᠠᠨ ᠳᠤ | 6000 ᠭᠠᠷᠤᠢ ᠲᠦᠮᠡᠨ ᠲᠥᠭᠦᠷᠢᠭ ᠤᠨ ᠤᠷᠤᠯᠭ᠎ᠠ ᠡᠭᠦᠳᠦᠨ ᠥᠭᠴᠦ᠂ ᠬᠠᠶᠠᠭᠳᠠᠮᠠᠯ ᠰᠦᠯᠢᠶᠥᠦ ᠪᠦᠷᠬᠦᠪᠴᠢ ᠶᠢ | ᠬᠤᠷᠢᠶᠠᠨ ᠠᠪᠤᠭᠰᠠᠨ ᠤ ᠳᠠᠷᠠᠭ᠎ᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠳᠤ ᠰᠢᠨ᠎ᠡ ᠰᠡᠳᠬᠢᠴᠡ ᠬᠠᠩᠭᠠᠭᠰᠠᠨ | ᠪᠠᠶᠢᠨ᠎ᠠ᠃ | ᠮᠠᠨ ᠤ ᠣᠷᠣᠨ ᠬᠠᠤᠯᠢ ᠬᠡᠷᠡᠭᠵᠢᠭᠦᠯᠬᠦ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠥᠪᠡᠷᠲᠡᠭᠡᠨ | ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ | ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︾ ᠢ ᠨᠡᠶᠢᠲᠡᠯᠡᠨ᠂ ᠲᠠᠷᠢᠶᠠᠯᠠᠩ ᠳᠤ | ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠶᠢᠨ ᠦᠢᠯᠡᠳᠪᠦᠷᠢᠯᠡᠯ᠂ ᠪᠣᠷᠤᠯᠠᠭᠤᠯᠭ᠎ᠠ᠂ ᠬᠡᠷᠡᠭᠯᠡᠯᠲᠡ᠂ ᠬᠤᠷᠢᠶᠠᠨ | ᠠᠪᠬᠤ᠂ ᠰᠢᠢᠳᠪᠦᠷᠢᠯᠡᠬᠦ᠂ ᠳᠠᠭᠢᠨ ᠠᠰᠢᠭᠯᠠᠬᠤ ᠵᠡᠷᠭᠡ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ᠂ ᠡᠭᠦᠷᠭᠡ ᠪᠣᠯᠣᠨ | ᠬᠠᠤᠯᠢ ᠠᠴᠠ ᠵᠥᠷᠢᠴᠡᠭᠰᠡᠨ ᠰᠢᠳᠬᠡᠯ ᠢ ᠲᠣᠳᠣᠷᠬᠠᠶᠢᠯᠠᠵᠤ᠂ ᠲᠠᠷᠢᠶᠠᠯᠠᠩ ᠤᠨ ᠬᠠᠶᠠᠭᠳᠠᠮᠠᠯ ᠰᠦᠯᠢᠶᠥᠦ | ᠪᠦᠷᠬᠦᠪᠴᠢ ᠶᠢᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠠᠢ᠃ ᠪᠠᠰᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠶᠢ ᠴᠢᠩᠭᠠᠳᠬᠠᠬᠤ | ᠠᠷᠪᠠᠨ ᠵᠤᠷᠪᠤᠰ ᠠᠷᠭ᠎ᠠ ᠬᠡᠮᠵᠢᠶ᠎ᠡ︾ ᠶᠢ ᠲᠣᠭᠲᠠᠭᠠᠵᠤ᠂ ᠡᠬᠢ ᠰᠤᠷᠪᠤᠯᠵᠢ ᠠᠴᠠ ᠨᠢ ᠬᠠᠮᠢᠶᠠᠷᠤᠨ ᠡᠵᠡᠮᠳᠡᠬᠦ᠂ | ᠭᠤᠣᠯ ᠴᠣᠭᠴᠠ ᠶᠢᠨ ᠬᠠᠷᠢᠭᠤᠴᠠᠯᠭ᠎ᠠ᠂ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠨᠡᠶᠢᠲᠡᠯᠢᠭ ᠵᠢᠱᠢᠶ᠎ᠡ | ᠦᠵᠡᠭᠦᠯᠭᠦ᠂ ᠥᠷᠭᠡᠨ ᠢᠶᠠᠷ ᠳᠠᠶᠢᠴᠢᠯᠠᠵᠤ ᠤᠬᠠᠭᠤᠯᠬᠤ᠂ ᠬᠤᠷᠢᠶᠠᠨ ᠠᠪᠬᠤ ᠬᠡᠪ ᠵᠠᠭᠪᠤᠷ ᠢ ᠡᠭᠦᠳᠦᠨ ᠪᠠᠶᠢᠭᠤᠯᠬᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠬᠤᠯᠪᠣᠭᠠᠨ ᠤ | ᠲᠣᠭᠲᠠᠴᠠ ᠶᠢ ᠪᠠᠶᠢᠭᠤᠯᠬᠤ᠂ ᠱᠠᠩᠨᠠᠨ ᠲᠣᠷᠭᠠᠬᠤ ᠠᠷᠭ᠎ᠠ ᠬᠡᠮᠵᠢᠶ᠎ᠡ ᠵᠡᠷᠭᠡ ᠶᠢ ᠬᠡᠷᠡᠭᠵᠢᠭᠦᠯᠵᠦ᠂ ᠱᠠᠭᠠᠷᠳᠠᠯᠭ᠎ᠠ ᠶᠢ | ᠴᠢᠨᠠᠭᠰᠢᠳᠠ ᠨᠠᠷᠢᠯᠢᠭᠵᠢᠭᠤᠯᠤᠨ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢᠨ ᠪᠦᠭᠦ ᠬᠡᠯᠬᠢᠶ᠎ᠡ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢᠨ ᠪᠣᠬᠢᠷᠳᠤᠯ ᠢ | ᠰᠡᠷᠭᠡᠶᠢᠯᠡᠨ ᠵᠠᠰᠠᠬᠤ ᠳᠤ ᠵᠢᠷᠤᠮᠯᠠᠬᠤ ᠬᠠᠤᠯᠢ ᠲᠠᠢ᠂ ᠬᠠᠤᠯᠢ ᠶᠢ ᠵᠠᠪᠠᠯ ᠵᠢᠷᠤᠮᠯᠠᠬᠤ ᠶᠢ ᠪᠡᠶᠡᠯᠡᠭᠦᠯᠵᠦ ᠪᠤᠢ᠃ | ᠣᠳᠣᠬᠠᠨ ᠳᠤ ᠪᠦᠭᠦ ᠣᠷᠣᠨ ᠤ ᠡᠯ᠎ᠡ ᠭᠠᠵᠠᠷ ᠤᠨ ᠬᠢᠨ ᠶᠠᠭ ᠰᠠᠶᠢᠬᠠᠨ ︽ᠴᠠᠭᠠᠨ ᠪᠣᠬᠢᠷᠳᠤᠯ︾ ᠤᠨ | ᠵᠠᠰᠠᠯᠲᠠ ᠶᠢᠨ ᠠᠵᠢᠯ ᠢ ᠬᠦᠴᠦᠯᠡᠨ ᠠᠬᠢᠭᠤᠯᠵᠤ᠂ ᠲᠠᠷᠢᠶᠠᠯᠠᠩ ᠤᠨ ᠠᠮᠢ ᠠᠬᠤᠢ ᠶᠢ ᠬᠠᠮᠠᠭᠠᠯᠠᠨ ᠰᠠᠶᠢᠵᠢᠷᠠᠭᠤᠯᠵᠤ | ᠪᠠᠶᠢᠨ᠎ᠠ᠃ | — ᠦᠬᠠᠢ ᠬᠤᠲᠠ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠲᠠᠷᠢᠶᠠᠯᠠᠩ ᠤᠨ | ᠬᠠᠶᠠᠭᠳᠠᠮᠠᠯ ᠰᠦᠯᠢᠶᠥᠦ ᠪᠦᠷᠬᠦᠪᠴᠢ ᠶᠢᠨ ᠪᠣᠬᠢᠷᠳᠤᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠠᠬᠢᠭᠤᠯᠵᠤ᠂ | ᠵᠢᠱᠢᠯᠲᠡ ᠪᠠᠷ 2027 ᠣᠨ ᠪᠤᠯᠲᠠᠯ᠎ᠠ ᠪᠦᠭᠦ ᠬᠤᠲᠠ ᠶᠢᠨ BDO ︵ᠠᠮᠢᠳᠤ ᠪᠣᠳᠠᠰ ᠤᠨ ᠵᠠᠳᠠᠷᠠᠬᠤ ᠰᠦᠯᠢᠶᠥᠦ | ᠪᠦᠷᠬᠦᠪᠴᠢ ᠶᠢᠨ ᠭᠤᠣᠯ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠤᠨ ᠨᠢᠭᠡ︶ ᠶᠢᠨ ᠦᠢᠯᠡᠳᠪᠦᠷᠢᠯᠡᠯ ᠤᠨ | ᠴᠢᠳᠠᠪᠤᠷᠢ ᠶᠢ 289 ᠲᠦᠮᠡᠨ ᠲᠤᠨ ᠳᠤ ᠬᠦᠷᠭᠡᠨ᠂ ᠪᠦᠭᠦ ᠪᠥᠮᠪᠥᠷᠴᠡᠭ ᠤᠨ ᠬᠠᠮᠤᠭ ᠤᠨ ᠶᠡᠭᠡ BDO ᠶᠢᠨ | ᠨᠢᠭᠡ ᠴᠣᠭᠴᠠᠵᠢᠭᠰᠠᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢᠨ ᠬᠠᠮᠲᠤ ᠭᠠᠷᠤᠯᠲᠠ ᠶᠢᠨ | ᠭᠠᠵᠠᠷ ᠤᠨ ᠳᠠᠪᠠᠭᠤᠯᠢᠭ ᠢᠶᠠᠨ ᠠᠰᠢᠭᠯᠠᠨ᠂ ᠠᠮᠢᠳᠤ ᠪᠣᠳᠠᠰ ᠤᠨ ᠵᠠᠳᠠᠷᠠᠬᠤ ᠰᠦᠯᠢᠶᠥᠦ ᠪᠦᠷᠬᠦᠪᠴᠢ ᠶᠢ ᠬᠤᠷᠢᠶᠠᠨ | ᠠᠪᠴᠤ ᠰᠢᠢᠳᠪᠦᠷᠢᠯᠡᠬᠦ ᠳᠤ ᠬᠦᠴᠢᠷ ᠠᠰᠠᠭᠤᠳᠠᠯ ᠢ ᠪᠦᠭᠦ ᠣᠷᠣᠨ ᠪᠦᠰᠡ ᠪᠠᠷ ᠳᠡᠯᠭᠡᠷᠡᠭᠦᠯᠬᠦ ᠶᠢ ᠠᠬᠢᠭᠤᠯᠵᠤ | ᠪᠠᠶᠢᠨ᠎ᠠ︔ ᠤᠯᠠᠭᠠᠨᠴᠠᠪ ᠬᠤᠲᠠ ᠬᠤᠲᠠ ᠶᠢᠨ ᠳᠡᠰ ᠤᠨ ᠰᠦᠯᠢᠶᠥᠦ ᠪᠦᠷᠬᠦᠪᠴᠢ ᠶᠢᠨ ᠳᠦᠷᠢᠮ ᠢ ᠨᠡᠶᠢᠲᠡᠯᠡᠵᠦ᠂ | ᠥᠨᠳᠥᠷ ᠪᠠᠷᠢᠮᠵᠢᠶ᠎ᠠ ᠪᠠᠷ ᠬᠤᠷᠢᠶᠠᠨ ᠠᠪᠬᠤ ᠳᠤ ᠭᠢᠯᠪᠠᠷ ᠵᠤᠵᠠᠭᠠᠨ ᠰᠦᠯᠢᠶᠥᠦ ᠪᠦᠷᠬᠦᠪᠴᠢ ᠶᠢᠨ ᠦᠢᠯᠡᠳᠪᠦᠷᠢᠯᠡᠯ | ᠤᠨ ᠤᠷ᠎ᠠ ᠮᠡᠷᠭᠡᠰᠢᠯ ᠢ ᠣᠷᠣᠭᠤᠯᠤᠨ ᠠᠪᠴᠢᠷᠠᠵᠤ᠂ ᠬᠤᠷᠢᠶᠠᠨ ᠠᠪᠬᠤ ᠵᠠᠭᠪᠤᠷ ᠤᠨ ᠰᠢᠨ᠎ᠡ ᠶᠢ ᠡᠭᠦᠳᠦᠨ᠂ | ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠢᠳᠡᠪᠬᠢᠲᠡᠢ ᠠᠬᠢᠭᠤᠯᠵᠤ ᠪᠤᠢ︔ ᠣᠷᠳᠣᠰ | ᠬᠤᠲᠠ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ ᠮᠥᠩᠭᠦ ᠶᠢ 250 ᠲᠦᠮᠡᠨ ᠲᠥᠭᠦᠷᠢᠭ ᠲᠣᠬᠢᠷᠠᠭᠤᠯᠵᠤ᠂ | ᠮᠦ ᠪᠦᠷᠢ ᠳᠤ 5 ᠲᠥᠭᠦᠷᠢᠭ ᠤᠨ ᠪᠠᠷᠢᠮᠵᠢᠶ᠎ᠠ ᠪᠠᠷ ᠥᠨᠳᠥᠷ ᠬᠦᠴᠦᠯᠡᠴᠡ ᠲᠠᠢ ᠵᠤᠵᠠᠭᠠᠨ ᠰᠦᠯᠢᠶᠥᠦ ᠪᠦᠷᠬᠦᠪᠴᠢ | ᠬᠡᠷᠡᠭᠯᠡᠭᠰᠡᠳ ᠲᠤ ᠨᠡᠮᠡᠯᠲᠡ ᠨᠥᠬᠦᠪᠦᠷᠢ ᠣᠯᠭᠤᠬᠤ ᠶᠢᠨ ᠬᠠᠮᠲᠤ᠂ ᠡᠰᠢ ᠰᠦᠷᠡᠯ ᠪᠠ ᠬᠠᠶᠠᠭᠳᠠᠮᠠᠯ ᠰᠦᠯᠢᠶᠥᠦ | ᠪᠦᠷᠬᠦᠪᠴᠢ ᠶᠢ ᠬᠤᠷᠢᠶᠠᠨ ᠠᠪᠬᠤ ᠬᠠᠮᠲᠤᠷᠠᠭᠰᠠᠨ ᠠᠵᠢᠯᠯᠠᠭᠠᠨ ᠤ ᠬᠠᠮᠤᠭ ᠤᠨ ᠰᠢᠨ᠎ᠡ ᠲᠣᠮᠣ ᠮᠠᠰᠢᠨ ᠢ | ᠣᠷᠣᠭᠤᠯᠤᠨ ᠠᠪᠴᠢᠷᠠᠵᠤ᠂ ᠵᠠᠰᠠᠭ ᠤᠨ ᠣᠷᠳᠣᠨ ᠠᠴᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠤᠳᠠᠯᠳᠤᠨ ᠠᠪᠬᠤ | ᠠᠷᠭ᠎ᠠ ᠭᠡᠯᠪᠡᠷᠢ ᠶᠢ ᠬᠡᠷᠡᠭᠯᠡᠨ ᠮᠠᠰᠢᠨ ᠮᠧᠬᠠᠨᠢᠭ ᠢᠶᠠᠷ ᠲᠥᠪᠯᠡᠷᠡᠭᠦᠯᠦᠨ ᠬᠤᠷᠢᠶᠠᠨ ᠠᠪᠬᠤ ᠵᠢᠱᠢᠶ᠎ᠡ ᠦᠵᠡᠭᠦᠯᠵᠦ᠂ | ᠲᠠᠷᠢᠶᠠᠴᠢᠳ ᠤᠨ ᠵᠤᠵᠠᠭᠠᠨ ᠰᠦᠯᠢᠶᠥᠦ ᠪᠦᠷᠬᠦᠪᠴᠢ ᠪᠠ ᠠᠮᠢᠳᠤ ᠪᠣᠳᠠᠰ ᠤᠨ ᠵᠠᠳᠠᠷᠠᠬᠤ ᠰᠦᠯᠢᠶᠥᠦ ᠪᠦᠷᠬᠦᠪᠴᠢ | ᠬᠡᠷᠡᠭᠯᠡᠬᠦ ᠢᠳᠡᠪᠬᠢᠵᠢᠯ ᠢ ᠳᠡᠭᠡᠭᠰᠢᠯᠡᠭᠦᠯᠵᠤ ᠪᠠᠶᠢᠨ᠎ᠠ ᠁ | | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ | |