| ︽ᠡᠷᠡᠭᠦᠯ ᠮᠡᠨᠳᠦ ᠬᠠᠮᠤᠭ ᠠᠴᠠ ᠡᠷᠬᠢᠮ︾ ᠭᠡᠬᠦ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠭᠦᠨ | ᠰᠠᠭᠤᠭᠳᠠᠬᠤ ᠶᠢ ᠳᠠᠭᠠᠯᠳᠤᠨ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠡᠳᠬᠢᠴᠡ ᠶᠢᠨ ᠡᠷᠡᠭᠦᠯ ᠮᠡᠨᠳᠦ ᠳᠤ | ᠦᠵᠡᠭᠦᠯᠭᠦ ᠢᠳᠡᠪᠬᠢᠲᠡᠢ ᠨᠥᠯᠥᠭᠡ ᠨᠢ ᠬᠥᠮᠥᠰ ᠤᠨ ᠠᠩᠬᠠᠷᠤᠯ ᠢ ᠨᠡᠩ ᠢᠯᠡᠭᠦᠦ ᠲᠠᠲᠠᠳᠠᠭ ᠪᠣᠯᠵᠠᠢ᠃ ᠲᠠᠮᠢᠷ ᠤᠨ | ᠬᠢᠴᠢᠶᠡᠯ ᠨᠢ ᠰᠤᠷᠤᠬᠴᠢᠳ ᠤᠨ ᠪᠡᠶ᠎ᠡ ᠮᠠᠬᠠᠪᠤᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠶᠢᠨ ᠵᠡᠷᠭᠡ ᠪᠠᠷ | ᠰᠤᠷᠤᠬᠴᠢᠳ ᠤᠨ ᠰᠡᠳᠬᠢᠴᠡ ᠶᠢᠨ ᠡᠷᠡᠭᠦᠯ ᠮᠡᠨᠳᠦ ᠳᠤ ᠨᠡᠩ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ | ᠲᠠᠮᠢᠷ ᠤᠨ ᠬᠢᠴᠢᠶᠡᠯ ᠨᠢ ᠪᠡᠶ᠎ᠡ ᠮᠠᠬᠠᠪᠤᠳ ᠤᠨ ᠪᠣᠯᠪᠠᠰᠤᠷᠠᠯ ᠢᠶᠠᠷ ᠭᠤᠣᠯ ᠪᠤᠯᠭᠠᠵᠤ᠂ ᠵᠦᠢ ᠵᠣᠬᠢᠰᠲᠠᠢ | ᠪᠡᠶ᠎ᠡ ᠶᠢᠨ ᠲᠠᠮᠢᠷ ᠤᠨ ᠬᠥᠮᠦᠵᠢᠯ ᠪᠠ ᠰᠢᠨᠵᠢᠯᠡᠬᠦ ᠤᠬᠠᠭᠠᠨᠴᠢ ᠪᠡᠶ᠎ᠡ ᠶᠢᠨ ᠲᠠᠮᠢᠷ ᠤᠨ ᠪᠣᠯᠪᠠᠰᠤᠷᠠᠯ ᠢᠶᠠᠷ | ᠳᠠᠮᠵᠢᠭᠤᠯᠤᠨ ᠰᠤᠷᠤᠬᠴᠢᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠬᠤ᠂ ᠡᠷᠡᠭᠦᠯ ᠴᠢᠭᠢᠷᠠᠭ ᠢ ᠠᠬᠢᠭᠤᠯᠬᠤ ᠪᠠ | ᠪᠡᠶ᠎ᠡ ᠶᠢᠨ ᠲᠠᠮᠢᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠵᠣᠷᠢᠯᠭ᠎ᠠ ᠳᠠᠭᠠᠨ ᠭᠦᠷᠳᠡᠭ᠃ ᠡᠨᠡ ᠵᠢᠯ ᠤᠨ ᠪᠦᠭᠦ | ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠠᠨᠠᠭᠠᠬᠤ | ᠤᠬᠠᠭᠠᠨ ᠤ ᠰᠤᠳᠤᠯᠭᠠᠨ ᠤ ᠭᠠᠵᠠᠷ ᠤᠨ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢᠨ ᠠᠨᠠᠭᠠᠬᠤ ᠤᠬᠠᠭᠠᠨ ᠤ | ᠰᠤᠳᠤᠯᠭᠠᠨ ᠤ ᠲᠥᠪ ᠤᠨ ᠡᠷᠭᠢᠯᠡᠭᠴᠢ ᠯᠢ ᠶᠠᠨ ᠬᠤ᠋ ᠶᠢᠨ ︽ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠵᠣᠬᠢᠰᠲᠠᠢ | ᠤᠷᠲᠤᠳᠬᠠᠬᠤ︾ ᠰᠠᠨᠠᠯ ᠳᠤᠷᠠᠳᠤᠯᠭ᠎ᠠ ᠨᠢ ᠬᠥᠮᠥᠰ ᠤᠨ ᠠᠩᠬᠠᠷᠤᠯ ᠢ ᠲᠠᠲᠠᠪᠠ᠃ ᠲᠡᠷᠡ᠂ ᠣᠲᠣ ᠶᠢᠨ | ᠬᠡᠦᠬᠡᠳ ᠤᠨ ᠣᠶᠢᠷ᠎ᠠ ᠬᠠᠷᠠᠭ᠎ᠠ᠂ ᠮᠠᠷᠢᠶᠠᠯᠠᠬᠤ᠂ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠢᠯᠡᠷᠡᠵᠦ | ᠪᠠᠶᠢᠭ᠎ᠠ ᠨᠢ ᠤᠳᠠᠭᠠᠨ ᠰᠠᠭᠤᠵᠤ ᠳᠤᠲᠠᠭᠤ ᠬᠥᠳᠡᠯᠬᠦ᠂ ᠬᠥᠳᠡᠯᠭᠡᠭᠡᠨ ᠭᠦᠢᠴᠡᠳ ᠦᠭᠡᠢ᠂ ᠨᠡᠷᠡᠨ ᠤ ᠭᠡᠷᠡᠯ | ᠳᠤᠲᠠᠭᠳᠠᠬᠤ ᠲᠠᠢ ᠨᠡᠯᠢᠶᠡᠳ ᠶᠡᠭᠡ ᠬᠠᠷᠢᠴᠠᠭ᠎ᠠ ᠲᠠᠢ ᠭᠡᠵᠦ ᠢᠯᠡᠳᠬᠡᠪᠡ᠃ ᠡᠳᠡᠭᠡᠷ ᠠᠰᠠᠭᠤᠳᠠᠯ ᠢ ᠠᠷᠭᠠᠴᠠᠭᠠᠬᠤ | ᠲᠤᠬᠠᠢ ᠲᠡᠷᠡ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠴᠢᠩᠭᠠᠳᠬᠠᠬᠤ ᠠᠴᠠ ᠭᠠᠷᠳᠠᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠬᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠵᠣᠬᠢᠰᠲᠠᠢ ᠤᠷᠲᠤᠳᠬᠠᠬᠤ ᠶᠢ | ᠤᠷᠢᠶᠠᠯᠠᠪᠠ᠃ | ᠲᠠᠮᠢᠷ ᠤᠨ ᠬᠢᠴᠢᠶᠡᠯ ᠨᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠤᠲᠠᠭᠳᠠᠵᠤ ᠪᠣᠯᠣᠰᠢ ᠦᠭᠡᠢ ᠴᠢᠬᠤᠯᠠ | ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠰᠤᠷᠤᠬᠴᠢᠳ ᠲᠤ ᠰᠤᠷᠤᠯᠴᠠᠯᠭ᠎ᠠ ᠶᠢᠨ ᠬᠠᠪᠤ ᠴᠡᠩᠭᠡᠯ ᠢ | ᠡᠳ᠋ᠯᠡᠭᠦᠯᠭᠦ᠂ ᠰᠤᠷᠤᠬᠴᠢᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠬᠤ᠂ ᠰᠠᠶᠢᠨ ᠰᠠᠶᠢᠬᠠᠨ ᠵᠠᠩ ᠠᠷᠠᠨᠰᠢᠨ ᠢ | ᠲᠡᠭᠦᠯᠳᠡᠷᠵᠢᠭᠦᠯᠬᠦ᠂ ᠵᠣᠷᠢᠭ ᠰᠠᠨᠠᠭ᠎ᠠ ᠶᠢ ᠳᠠᠪᠲᠠᠨ ᠪᠤᠯᠪᠠᠰᠤᠷᠠᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠳᠠᠭ᠃ | ᠲᠠᠮᠢᠷ ᠤᠨ ᠬᠢᠴᠢᠶᠡᠯ ᠨᠢ ᠰᠤᠷᠤᠬᠴᠢᠳ ᠤᠨ ᠤᠷᠮ᠎ᠠ ᠰᠡᠳᠬᠢᠯᠭᠡ ᠪᠠᠨ ᠲᠣᠬᠢᠷᠠᠭᠤᠯᠬᠤ ᠪᠠ ᠬᠢᠴᠢᠶᠡᠯ | ᠰᠤᠷᠤᠯᠭ᠎ᠠ ᠶᠢᠨ ᠳᠠᠷᠤᠭᠠᠰᠤ ᠪᠠᠨ ᠬᠥᠩᠭᠡᠷᠡᠭᠦᠯᠬᠦ ᠳᠤ ᠠᠰᠢᠭᠲᠠᠢ᠃ ᠠᠭᠤᠳᠠᠮ ᠲᠠᠯᠠᠪᠤᠷ ᠭᠠᠵᠠᠷ ᠪᠠ ᠭᠤᠶᠣ | ᠰᠠᠶᠢᠬᠠᠨ ᠪᠠᠶᠢᠭᠠᠯᠢ ᠶᠢᠨ ᠣᠷᠴᠢᠨ ᠲᠣᠭᠤᠷᠢᠨ ᠳᠠᠬᠢ ᠲᠠᠮᠢᠷ ᠤᠨ ᠬᠢᠴᠢᠶᠡᠯ ᠨᠢ ᠰᠤᠷᠤᠬᠴᠢᠳ ᠤᠨ ᠰᠡᠳᠬᠢᠯ ᠤᠨ | ᠪᠤᠬᠢᠨᠢᠳᠤᠯ ᠪᠠ ᠨᠠᠵᠠᠭᠠᠢ ᠤᠷᠮ᠎ᠠ ᠰᠡᠳᠬᠢᠯᠭᠡ ᠪᠠᠨ ᠲᠠᠶᠢᠳᠬᠤᠷᠠᠭᠤᠯᠬᠤ ᠳᠤ ᠠᠰᠢᠭᠲᠠᠢ ᠪᠠᠶᠢᠵᠤ᠂ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠲᠠᠢ ᠬᠠᠷᠢᠴᠠᠭᠤᠯᠪᠠᠯ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠨᠢ ᠨᠠᠩ | ᠢᠯᠡᠭᠦᠦ ᠴᠢᠯᠦᠭᠡᠲᠦ ᠴᠢᠨᠠᠷ ᠲᠠᠢ ᠪᠠᠶᠢᠳᠠᠭ᠃ ᠪᠡᠶ᠎ᠡ ᠶᠢᠨ ᠲᠠᠮᠢᠷ ᠤᠨ ᠦᠨᠳᠦᠰᠦᠨ ᠮᠡᠷᠭᠡᠵᠢᠯ ᠢ ᠰᠤᠷᠤᠯᠴᠠᠬᠤ ᠪᠠ | ᠡᠵᠡᠮᠰᠢᠭᠰᠡᠨ ᠤᠷᠢᠲᠠᠯ ᠳᠣᠣᠷ᠎ᠠ᠂ ᠰᠤᠷᠤᠬᠴᠢᠳ ᠴᠢᠯᠦᠭᠡᠲᠡᠢ ᠪᠠᠷ ᠬᠥᠳᠡᠯᠭᠡᠭᠡᠨ ᠬᠢᠵᠦ ᠪᠣᠯᠪᠠᠰᠤᠷᠠᠬᠤ ᠪᠠᠷ ᠳᠠᠮᠵᠢᠨ | ᠪᠡᠶᠡᠴᠢ ᠴᠢᠳᠠᠮᠠᠭᠠᠢ ᠴᠢᠨᠠᠷ ᠢᠶᠠᠨ ᠪᠠᠳᠠᠷᠠᠭᠤᠯᠬᠤ ᠪᠠᠷ ᠪᠠᠷᠠᠬᠤ ᠦᠭᠡᠢ᠂ ᠪᠠᠰᠠ ᠪᠠᠶᠠᠷ ᠭᠦᠷ ᠲᠠᠢ ᠠᠭᠤᠷ | ᠠᠮᠢᠰᠬᠤᠯ ᠢ ᠪᠤᠶ ᠪᠤᠯᠭᠠᠵᠤ ᠴᠢᠳᠠᠳᠠᠭ᠂ ᠡᠳᠡᠭᠡᠷ ᠨᠢ ᠴᠥᠮ ᠰᠤᠷᠤᠬᠴᠢᠳ ᠤᠨ ᠨᠠᠵᠠᠭᠠᠢ ᠤᠷᠮ᠎ᠠ ᠰᠡᠳᠬᠢᠯᠭᠡ ᠶᠢ | ᠠᠷᠢᠯᠭᠠᠬᠤ ᠶᠢᠨ ᠬᠠᠮᠲᠤ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠬᠤ ᠳᠤ ᠠᠰᠢᠭᠲᠠᠢ ᠪᠠᠶᠢᠵᠤ᠂ ᠡᠭᠦᠨ ᠤ ᠤᠯᠠᠮ ᠢᠶᠠᠷ | ᠰᠡᠳᠬᠢᠯ ᠤᠨ ᠳᠠᠷᠤᠭᠠᠰᠤ ᠶᠢ ᠨᠢ ᠬᠥᠩᠭᠡᠷᠡᠭᠦᠯᠵᠦ ᠴᠢᠳᠠᠳᠠᠭ᠃ | ᠲᠠᠮᠢᠷ ᠤᠨ ᠬᠢᠴᠢᠶᠡᠯ ᠨᠢ ᠪᠠᠰᠠ ᠰᠤᠷᠤᠬᠴᠢᠳ ᠤᠨ ᠢᠲᠡᠭᠡᠯ ᠵᠣᠷᠢᠭ ᠬᠢᠭᠡᠳ ᠪᠦᠯᠭᠦᠮ ᠨᠡᠶᠢᠲᠡ ᠶᠢᠨ | ᠬᠠᠮᠵᠢᠯᠴᠠᠬᠤ ᠴᠢᠳᠠᠪᠤᠷᠢ ᠶᠢ ᠬᠥᠮᠥᠵᠢᠭᠦᠯᠬᠦ ᠳᠤ ᠠᠰᠢᠭᠲᠠᠢ᠃ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ᠂ | ᠢᠯᠠᠩᠭᠤᠶ᠎ᠠ ᠪᠦᠯᠭᠦᠮ ᠨᠡᠶᠢᠲᠡ ᠶᠢᠨ ᠥᠷᠢᠰᠦᠯᠳᠦᠭᠡᠨ ᠪᠠ ᠤᠷᠤᠯᠳᠤᠭᠠᠨ ᠳᠤ ᠣᠷᠤᠯᠴᠠᠬᠤ ᠨᠢ ᠰᠤᠷᠤᠬᠴᠢᠳ ᠤᠨ | ᠬᠠᠷᠢᠭᠤᠴᠠᠯᠭᠠᠲᠤ ᠰᠡᠳᠬᠢᠯᠭᠡ ᠪᠠ ᠢᠲᠡᠭᠡᠯ ᠵᠣᠷᠢᠭ ᠢ ᠴᠢᠩᠭᠠᠷᠠᠭᠤᠯᠵᠤ᠂ ᠲᠡᠳᠡᠨ ᠤ ᠪᠦᠯᠭᠦᠮ ᠨᠡᠶᠢᠲᠡ ᠶᠢᠨ ᠵᠣᠷᠢᠭ | ᠰᠠᠨᠠᠭ᠎ᠠ ᠪᠠ ᠬᠠᠮᠵᠢᠯᠴᠠᠬᠤ ᠴᠢᠳᠠᠪᠤᠷᠢ ᠶᠢ ᠬᠥᠮᠥᠵᠢᠭᠦᠯᠵᠦ᠂ ᠪᠠᠰᠠ ᠲᠡᠳᠡ ᠨᠠᠷ ᠤᠨ ᠰᠡᠳᠬᠢᠴᠡ ᠶᠢᠨ ᠬᠡᠪ ᠴᠢᠨᠠᠷ ᠪᠠ | ᠵᠣᠬᠢᠴᠠᠬᠤ ᠴᠢᠳᠠᠪᠤᠷᠢ ᠶᠢ ᠪᠤᠯᠪᠠᠰᠤᠷᠠᠭᠤᠯᠵᠤ ᠴᠢᠳᠠᠨ᠎ᠠ᠃ ᠡᠭᠦᠨ ᠠᠴᠠ ᠭᠠᠳᠠᠨ᠎ᠠ᠂ ᠲᠠᠮᠢᠷ ᠤᠨ ᠬᠢᠴᠢᠶᠡᠯ ᠨᠢ | ᠰᠤᠷᠤᠬᠴᠢᠳ ᠤᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠭᠡᠯᠪᠡᠷᠢ ᠶᠢ ᠪᠤᠢ ᠪᠤᠯᠭᠠᠬᠤ ᠶᠢ ᠬᠥᠲᠥᠯᠥᠨ | ᠵᠢᠯᠤᠭᠤᠳᠬᠤ ᠶᠢᠨ ᠤᠯᠠᠮ ᠢᠶᠠᠷ ᠲᠡᠳᠡᠨ ᠢ ᠬᠠᠪᠰᠤᠷᠤᠨ ᠢᠳᠡᠪᠬᠢᠲᠡᠢ ᠥᠭᠡᠳᠡᠷᠬᠡᠭ ᠰᠡᠳᠬᠢᠴᠡ ᠲᠠᠢ ᠪᠣᠯᠭᠠᠳᠠᠭ ᠁ | | ᠲᠠᠮᠢᠷ ᠤᠨ ᠬᠢᠴᠢᠶᠡᠯ ᠤᠨ ᠴᠢᠬᠤᠯᠠ ᠴᠢᠨᠠᠷ ᠨᠢ ᠮᠡᠳᠡᠭᠡᠵᠢ ᠶᠢᠨ ᠬᠡᠷᠡᠭ᠃ ᠲᠡᠷᠡ ᠨᠢ ᠪᠡᠶ᠎ᠡ ᠶᠢᠨ ᠲᠠᠮᠢᠷ ᠤᠨ | ᠬᠢᠴᠢᠶᠡᠯ ᠬᠥᠮᠦᠵᠢᠯ ᠤᠨ ᠲᠠᠩᠬᠢᠮ ᠪᠤᠯᠬᠤ ᠪᠠᠷ ᠪᠠᠷᠠᠬᠤ ᠦᠭᠡᠢ᠂ ᠨᠡᠩ ᠴᠤ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠤᠨ ᠴᠢᠬᠤᠯᠠ ᠵᠢᠭᠰᠠᠭᠠᠯ ᠤᠨ ᠭᠠᠵᠠᠷ ᠪᠣᠯᠣᠨ᠎ᠠ᠃ ᠰᠤᠷᠭᠠᠭᠤᠯᠢ ᠨᠢ ᠲᠠᠮᠢᠷ ᠤᠨ ᠬᠢᠴᠢᠶᠡᠯ ᠤᠨ | ᠰᠤᠷᠤᠬᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠳᠠᠬᠢ ᠴᠢᠬᠤᠯᠠ ᠦᠢᠯᠡᠳᠦᠯ ᠢ ᠭᠦᠢᠴᠡᠳ | ᠲᠠᠨᠢᠵᠤ᠂ ᠲᠠᠮᠢᠷ ᠤᠨ ᠬᠢᠴᠢᠶᠡᠯ ᠤᠨ ᠲᠣᠬᠢᠷᠠᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠵᠢᠭᠠᠨ | ᠰᠤᠷᠭᠠᠬᠤ ᠠᠭᠤᠯᠭ᠎ᠠ ᠪᠠ ᠠᠷᠭ᠎ᠠ ᠪᠠᠨ ᠪᠠᠶᠠᠯᠢᠭᠵᠢᠭᠤᠯᠵᠤ ᠰᠤᠷᠤᠬᠴᠢᠳ ᠤᠨ ᠪᠡᠶ᠎ᠡ ᠰᠡᠳᠬᠢᠴᠡ ᠶᠢᠨ ᠡᠷᠡᠭᠦᠯ ᠢᠶᠠᠷ | ᠬᠥᠭᠵᠢᠬᠦ ᠶᠢ ᠨᠠᠩ ᠰᠠᠶᠢᠲᠤᠷ ᠠᠬᠢᠭᠤᠯᠪᠠᠯ ᠵᠣᠬᠢᠨ᠎ᠠ᠃ | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ | |