| | ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠡᠯ᠎ᠡ ᠵᠦᠢᠯ ᠤᠨ ᠠᠮᠤᠷ ᠲᠦᠪᠰᠢᠨ ᠤ ᠬᠠᠮᠠᠭᠠᠯᠠᠯᠲᠠ ᠪᠠ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠤ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ | ᠰᠤᠷᠤᠭᠴᠢᠳ ᠤᠨ ᠬᠠᠤᠯᠢ ᠴᠠᠭᠠᠵᠠ ᠶᠢᠨ ᠦᠵᠡᠯᠲᠡ ᠪᠠ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ | ᠴᠢᠩᠭᠠᠷᠠᠭᠤᠯᠬᠤ ᠶᠢᠨ ᠲᠥᠯᠥᠭᠡ᠂ ᠲᠦᠷᠦᠭᠦᠬᠡᠨ ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ ᠤ ᠡᠯ᠎ᠡ | ᠰᠤᠷᠭᠠᠭᠤᠯᠢ ᠳᠤ ᠭᠦᠨᠵᠡᠭᠡᠶᠢᠷᠡᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠤᠬᠠᠭᠤᠯᠭ᠎ᠠ | ᠰᠡᠷᠭᠡᠶᠢᠯᠡᠯᠲᠡ ᠵᠢᠭᠰᠠᠭᠠᠨ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠣᠯᠠᠨ ᠠᠷᠭ᠎ᠠ ᠬᠡᠮᠵᠢᠶ᠎ᠡ ᠠᠪᠴᠤ᠂ ᠪᠥᠬᠦ | ᠲᠠᠯ᠎ᠠ ᠪᠠᠷ ᠥᠷᠨᠢᠭᠦᠯᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠢ ᠬᠠᠮᠠᠭᠠᠯᠠᠵᠤ ᠪᠠᠶᠢᠨ᠎ᠠ᠃ | | ᠤᠬᠠᠭᠤᠯᠤᠨ ᠲᠠᠶᠢᠯᠪᠤᠷᠢᠯᠠᠬᠤ ᠳᠤᠮᠳᠠ᠂ ᠠᠷᠠᠳ ᠠᠴᠠ ᠲᠤᠰᠠᠯᠠᠬᠤ ᠴᠠᠭᠳᠠᠭ᠎ᠠ ᠰᠤᠷᠤᠭᠴᠢᠳ ᠤᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠪᠣᠳᠠᠲᠠᠢ ᠬᠡᠷᠡᠭ ᠤᠨ ᠵᠢᠱᠢᠶ᠎ᠡ ᠠᠴᠠ ᠡᠭᠦᠰᠴᠦ᠂ ᠰᠤᠷᠭᠠᠭᠤᠯᠢ ᠶᠢᠨ ᠬᠦᠷᠢᠶᠡᠨ ᠤ | ᠬᠦᠴᠦᠷᠬᠡᠭᠯᠡᠯ᠂ ᠬᠤᠣᠷᠠᠲᠤ ᠡᠳ᠋ ᠠᠴᠠ ᠬᠤᠯᠠ ᠵᠠᠶᠢᠳᠠᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠭᠠᠯ ᠰᠡᠷᠭᠡᠶᠢᠯᠡᠬᠦ | ᠠᠮᠤᠷ ᠲᠦᠪᠰᠢᠨ ᠵᠡᠷᠭᠡ ᠤᠯᠠᠨ ᠲᠠᠯ᠎ᠠ ᠠᠴᠠ ᠬᠡᠷᠬᠢᠨ ᠰᠡᠷᠭᠡᠶᠢᠯᠡᠬᠦ᠂ ᠬᠡᠷᠬᠢᠨ ᠬᠠᠤᠯᠢ ᠶᠣᠰᠣᠭᠠᠷ ᠡᠷᠬᠡ ᠪᠠᠨ | ᠬᠠᠮᠠᠭᠠᠯᠠᠬᠤ ᠵᠡᠷᠭᠡ ᠠᠰᠠᠭᠤᠳᠠᠯ ᠤᠨ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠤᠬᠠᠭᠤᠯᠤᠨ ᠲᠠᠶᠢᠯᠪᠤᠷᠢᠯᠠᠵᠤ᠂ | ᠪᠦᠬᠦ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠠᠷᠠᠳ ᠤᠨ ᠲᠤᠰᠠᠯᠠᠬᠤ ᠴᠠᠭᠳᠠᠭ᠎ᠠ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ᠂ ᠠᠯᠬᠤᠮ ᠳᠠᠷᠠᠭ᠎ᠠ ᠲᠠᠢ ᠪᠠᠷ ᠬᠥᠲᠥᠯᠵᠦ ᠡᠯ᠎ᠡ ᠵᠦᠢᠯ ᠤᠨ ᠬᠠᠤᠯᠢ ᠵᠥᠷᠢᠴᠡᠭᠰᠡᠨ ᠬᠡᠷᠡᠭ ᠤᠨ | ᠡᠭᠦᠰᠦᠭᠰᠡᠨ ᠰᠢᠯᠲᠠᠭᠠᠨ ᠪᠠ ᠬᠠᠤᠯᠢ ᠵᠥᠷᠢᠴᠡᠭᠰᠡᠨ ᠠᠵᠢᠯᠯᠠᠭ᠎ᠠ ᠶᠢᠨ ᠤᠴᠠᠷᠠᠭᠤᠯᠤᠭᠰᠠᠨ ᠬᠤᠣᠷ ᠬᠥᠨᠥᠭᠡᠯ ᠢ ᠨᠠᠷᠢᠨ | ᠬᠢᠨᠠᠮᠠᠭᠠᠶ ᠵᠠᠳᠠᠯᠤᠨ ᠰᠢᠨᠵᠢᠯᠡᠬᠦ ᠶᠢᠨ ᠬᠠᠮᠲᠤ ᠪᠣᠳᠠᠲᠤ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠡᠯ᠎ᠡ ᠲᠦᠷᠦᠯ ᠤᠨ | ᠬᠠᠤᠯᠢ ᠴᠠᠭᠠᠵᠠ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠰᠤᠷᠤᠭᠴᠢᠳ ᠲᠤ ᠤᠷᠢᠳᠴᠢᠯᠠᠨ ᠰᠡᠷᠭᠡᠶᠢᠯᠡᠬᠦ ᠡᠯ᠎ᠡ | ᠲᠠᠯ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠰᠤᠷᠤᠭᠴᠢᠳ ᠤᠨ ᠬᠠᠤᠯᠢ ᠰᠤᠷᠬᠤ᠂ ᠬᠠᠤᠯᠢ | ᠮᠡᠳᠡᠬᠦ᠂ ᠬᠠᠤᠯᠢ ᠬᠡᠷᠡᠭᠯᠡᠬᠦ᠂ ᠬᠠᠤᠯᠢ ᠰᠠᠬᠢᠬᠤ ᠶᠢ ᠬᠥᠮᠦᠵᠢᠭᠦᠯᠦᠨ ᠵᠢᠯᠣᠭᠤᠳᠴᠤ᠂ ᠵᠥᠪ ᠶᠢᠷᠲᠢᠨᠴᠦ ᠶᠢᠨ | ᠦᠵᠡᠯᠲᠡ᠂ ᠠᠮᠢᠳᠤᠷᠠᠬᠤᠶ ᠶᠢᠨ ᠦᠵᠡᠯᠲᠡ ᠪᠠ ᠦᠷᠳᠡᠭ ᠤᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠡᠯ᠎ᠡ | ᠵᠦᠢᠯ ᠤᠨ ᠮᠠᠭᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠬᠠᠤᠯᠢ ᠴᠠᠭᠠᠵᠠ ᠶᠢᠨ | ᠠᠷᠭ᠎ᠠ ᠪᠠᠷᠢᠯ ᠢ ᠬᠡᠷᠡᠭᠯᠡᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠵᠢᠭᠠᠨ ᠰᠤᠷᠭᠠᠪᠠ᠃ | | ᠳᠠᠷᠠᠭ᠎ᠠ ᠨᠢ᠂ ᠠᠵᠤ ᠦᠢᠯᠡᠳᠪᠦᠷᠢ ᠶᠢᠨ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠲᠤᠰᠠᠯᠠᠬᠤ | ᠴᠠᠭᠳᠠᠭ᠎ᠠ ᠶᠢᠨ ᠬᠢᠨ ︽ᠪᠠᠶᠢᠴᠠᠭᠠᠬᠤ᠂ ᠦᠵᠡᠬᠦ᠂ ᠠᠰᠠᠭᠤᠬᠤ︾ ᠵᠡᠷᠭᠡ ᠠᠷᠭ᠎ᠠ ᠪᠠᠷ ᠳᠠᠮᠵᠢᠭᠤᠯᠤᠨ᠂ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠠᠯᠪᠠᠨ ᠠᠰᠠᠷ᠂ ᠬᠤᠭᠤᠯᠠᠨ ᠭᠡᠷ ᠵᠡᠷᠭᠡ ᠲᠣᠭᠤᠷᠢᠭ ᠢ ᠨᠠᠷᠢᠨ | ᠪᠠᠶᠢᠴᠠᠭᠠᠨ ᠦᠵᠡᠵᠦ᠂ ︽ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ︾ | ᠠᠷᠭ᠎ᠠ ᠬᠡᠮᠵᠢᠶ᠎ᠡ ᠪᠦᠷᠢᠨ ᠬᠦᠢᠴᠡᠳ ᠪᠠᠶᠢᠬᠤ ᠡᠰᠡᠬᠦ᠂ ᠰᠤᠷᠭᠠᠭᠤᠯᠢ ᠶᠢᠨ ᠬᠦᠷᠢᠶᠡᠨ ᠤ ᠲᠦᠭᠰᠢᠭᠦᠷᠢ ᠮᠡᠳᠡᠭᠡᠯᠡᠬᠦ | ᠮᠠᠰᠢᠨ ᠤ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠭᠠᠯ | ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ ᠪᠦᠷᠢᠨ ᠭᠦᠶ᠋ᠴᠡᠳ ᠪᠠᠶᠢᠬᠤ ᠡᠰᠡᠬᠦ ᠵᠡᠷᠭᠡ ᠪᠠᠶᠢᠳᠠᠯ ᠳᠤ | ᠭᠤᠤᠯᠳᠠᠯᠭ᠎ᠠ ᠲᠠᠢ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠶᠢᠨ ᠳᠤᠮᠳᠠ | ᠢᠯᠡᠷᠡᠭᠦᠯᠦᠭᠰᠡᠨ ᠠᠰᠠᠭᠤᠳᠠᠯ ᠢ ᠬᠠᠷᠢᠭᠤ ᠲᠤᠰᠬᠠᠵᠤ᠂ ᠠᠰᠠᠭᠤᠳᠠᠯ ᠤᠨ ᠳᠠᠯᠳᠠ ᠬᠡᠮ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠮᠤᠷ ᠲᠦᠪᠰᠢᠨ ᠤ ᠳᠠᠯᠳᠠ ᠬᠡᠮ ᠢ ᠬᠠᠮᠤᠭ ᠤᠨ ᠶᠡᠭᠡ | ᠬᠡᠮᠵᠢᠶ᠎ᠡ ᠪᠠᠷ ᠠᠷᠢᠯᠭᠠᠬᠤ ᠶᠢᠨ ᠬᠠᠮᠲᠤ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠬᠥᠮᠦᠰ ᠲᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠣᠷᠢᠯᠲᠠ ᠬᠢᠵᠦ᠂ ᠭᠡᠨᠡᠳᠲᠡ ᠶᠢᠨ | ᠬᠡᠷᠡᠭ ᠢ ᠰᠢᠢᠳᠪᠦᠷᠢᠯᠡᠬᠦ ᠰᠣᠷᠢᠯᠲᠠ ᠶᠢᠨ ᠳᠤᠮᠳᠠᠬᠢ ᠠᠮᠤᠷ ᠢ ᠬᠠᠮᠠᠭᠠᠯᠠᠬᠤ ᠠᠵᠢᠯᠲᠠᠨ ᠤ ᠬᠦᠴᠦᠷᠬᠡᠭᠯᠡᠯ ᠢ | ᠰᠡᠷᠭᠡᠶᠢᠯᠡᠬᠦ ᠪᠠᠮᠪᠠᠢ᠂ ᠬᠦᠴᠦᠷᠬᠡᠭᠯᠡᠯ ᠢ ᠰᠡᠷᠭᠡᠶᠢᠯᠡᠬᠦ ᠪᠣᠯᠣᠳ ᠰᠡᠷᠡᠭᠡ᠂ ᠭᠤᠮ ᠤᠨ ᠴᠠᠭᠳᠠᠭᠠᠨ ᠤ ᠪᠣᠷᠣᠣᠬᠠᠶ ᠶᠢᠨ | ᠬᠡᠷᠡᠭᠯᠡᠯᠲᠡ ᠵᠢᠴᠢ ᠰᠢᠢᠳᠪᠦᠷᠢᠯᠡᠬᠦ ᠶᠠᠪᠤᠴᠠ ᠵᠡᠷᠭᠡ ᠠᠭᠤᠯᠭ᠎ᠠ ᠳᠤ ᠬᠠᠨᠳᠤᠯᠭᠠᠲᠤ ᠴᠢᠨᠠᠷᠲᠠᠶ ᠪᠣᠯᠪᠠᠰᠤᠷᠠᠭᠤᠯᠤᠯ | ᠬᠢᠭᠰᠡᠨ ᠪᠥᠭᠡᠳ ᠰᠣᠷᠢᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠦᠨᠡᠯᠡᠯᠲᠡ ᠬᠢᠵᠦ᠂ ᠠᠮᠤᠷ ᠢ | ᠬᠠᠮᠠᠭᠠᠯᠠᠬᠤ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃ | | | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠰᠠᠨ ᠨᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |