| ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠣᠶᠢᠷᠠᠳᠬᠤ ᠶᠢ ᠳᠠᠭᠠᠯᠳᠤᠨ᠂ ᠶᠧᠪᠡᠩ ᠬᠦᠷᠭᠡᠬᠦ ᠠᠵᠢᠯ ᠴᠤ | ᠤᠯᠠᠮ ᠢᠶᠠᠷ ᠣᠷᠭᠢᠯ ᠳᠠᠭᠠᠨ ᠲᠤᠯᠪᠠ᠃ ᠴᠥᠭᠡᠨ ᠪᠤᠰᠤ ᠬᠤᠲᠠ ᠶᠢᠨ ᠠᠷᠠᠳ ᠭᠠᠳᠠᠷ ᠣᠷᠣᠨ ᠤ ᠲᠥᠷᠥᠯ ᠰᠠᠳᠤᠨ | ᠨᠠᠶᠢᠵᠠ ᠨᠥᠬᠦᠳ ᠲᠡᠭᠡᠨ ᠶᠧᠪᠡᠩ ᠢᠯᠡᠭᠡᠬᠦ ᠶᠢᠨ ᠬᠠᠮᠲᠤ ᠪᠠᠰᠠ ᠵᠠᠷᠢᠮ ᠨᠤᠲᠤᠭ ᠤᠨ ᠣᠨᠴᠠ ᠭᠠᠷᠤᠯᠲᠠ ᠶᠢᠨ | ᠪᠦᠲᠦᠭᠡᠭᠳᠡᠬᠦᠨ ᠢ ᠢᠯᠡᠭᠡᠬᠦ ᠪᠠᠨ ᠮᠠᠷᠲᠠᠵᠤ ᠦᠭᠡᠢ ᠪᠠᠶᠢᠯ᠎ᠠ᠃ | | 9 ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠳᠤ ᠬᠤᠲᠠ | ᠶᠢᠨ ᠠᠷᠠᠳ ᠤᠨ ᠲᠤᠰ ᠭᠠᠵᠠᠷ ᠤᠨ ᠨᠤᠲᠤᠭ ᠤᠨ ᠣᠨᠴᠠ ᠭᠠᠷᠤᠯᠲᠠ ᠪᠤᠯᠬᠤ ᠶᠧᠪᠡᠩ ᠢᠶᠠᠨ ᠠᠪᠴᠦ᠂ | ᠰᠢᠤᠳᠠᠨ ᠢᠶᠠᠷ ᠢᠯᠡᠭᠡᠬᠦ ᠪᠠᠷ ᠢᠷᠡᠵᠦ᠂ ᠠᠵᠢᠯᠲᠠᠳ ᠶᠠᠭᠠᠷᠠᠯᠲᠠᠢ ᠪᠠᠷ ᠡᠮᠬᠢᠯᠡᠨ ᠪᠣᠭᠤᠳᠠᠯᠯᠠᠭᠠᠳ ᠲᠡᠷᠭᠡ ᠪᠠᠷ | ᠶᠠᠪᠤᠭᠤᠯᠬᠤ ᠪᠠᠷ ᠪᠡᠯᠡᠳᠬᠡᠵᠦ ᠪᠠᠶᠢᠬᠤ ᠶᠢ ᠤᠯᠵᠤ ᠬᠠᠷᠠᠪᠠ᠃ | | ᠬᠤᠪᠢ ᠬᠥᠮᠥᠨ ᠢᠯᠡᠭᠡᠬᠦ ᠠᠴᠠ ᠭᠠᠳᠠᠨ᠎ᠠ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠣᠨᠴᠠ ᠭᠠᠷᠤᠯᠲᠠ ᠶᠢᠨ | ᠪᠣᠷᠤᠯᠠᠭᠤᠯᠭ᠎ᠠ ᠳᠤ ᠴᠤ ᠬᠠᠯᠠᠭᠤᠨ ᠥᠷᠨᠢᠯᠲᠡ ᠭᠠᠷᠴᠤ᠂ ᠬᠤᠳᠠᠯᠳᠤᠭᠠᠴᠢᠳ ᠤᠨ ᠢᠯᠡᠭᠡᠬᠦ ᠬᠡᠮᠵᠢᠶ᠎ᠡ ᠴᠦ ᠡᠳᠦᠢ | ᠲᠡᠳᠦᠢ ᠨᠡᠮᠡᠭᠳᠡᠨ᠂ ᠴᠥᠭᠡᠨ ᠪᠤᠰᠤ ᠢᠳᠡᠭᠡᠨ ᠤ ᠠᠵᠤ ᠠᠬᠤᠶᠢᠯᠠᠯ ᠪᠣᠯᠣᠨ ᠲᠦᠷᠭᠡᠨ ᠬᠦᠷᠭᠡᠯᠲᠡ ᠶᠢᠨ ᠠᠵᠤ | ᠠᠬᠤᠶᠢᠯᠠᠯ ᠤᠨ ᠬᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠭᠡᠨ ᠬᠦᠷᠭᠡᠯᠲᠡ ᠶᠢᠨ ᠵᠦᠢᠯ ᠢ ᠤᠷᠤᠭᠰᠢᠲᠠᠢ | ᠵᠥᠭᠡᠭᠡᠪᠦᠷᠢᠯᠡᠬᠦ ᠶᠢ ᠦᠨᠡᠨᠬᠦ ᠪᠠᠳᠤᠯᠠᠨ᠎ᠠ᠃ | | ᠣᠶᠢᠯᠠᠭᠠᠭᠰᠠᠨ ᠢᠶᠠᠷ᠂ ᠣᠶᠢᠷ᠎ᠠ ᠶᠢᠨ ᠬᠤᠭᠤᠴᠠᠭᠠᠨ ᠳᠤ ᠬᠤᠷᠢᠶᠠᠨ ᠢᠯᠡᠭᠡᠬᠦ ᠬᠡᠮᠵᠢᠶ᠎ᠡ ᠨᠡᠮᠡᠭᠳᠡᠵᠦ ᠪᠠᠶᠢᠭ᠎ᠠ | ᠪᠠᠶᠢᠳᠠᠯ ᠤᠨ ᠲᠤᠬᠠᠢ᠂ ᠨᠡᠯᠢᠶᠡᠳ ᠣᠯᠠᠨ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠬᠢᠨ ᠨᠢᠭᠡᠨᠲᠡ | ᠠᠵᠢᠯᠲᠠᠨ ᠨᠡᠮᠡᠬᠦ ᠪᠠ ᠲᠡᠷᠭᠡ ᠬᠥᠰᠬᠡ ᠨᠡᠮᠡᠵᠦ ᠬᠦᠷᠭᠡᠬᠦ ᠵᠡᠷᠭᠡ ᠠᠷᠭᠠᠴᠠᠭᠠᠬᠤ ᠠᠵᠢᠯ ᠢ ᠤᠷᠢᠳᠴᠢᠯᠠᠨ ᠰᠠᠶᠢᠲᠤᠷ | ᠬᠢᠭᠰᠡᠨ ᠪᠥᠭᠡᠳ ᠠᠵᠢᠯᠲᠠᠨ ᠤ ᠨᠥᠭᠡᠴᠡ᠂ ᠵᠠᠮ ᠱᠤᠭᠤᠮ ᠤᠨ ᠲᠥᠯᠦᠪᠵᠢᠭᠦᠯᠭᠡ᠂ ᠡᠴᠦᠰ ᠤᠨ ᠦᠵᠦᠭᠦᠷ ᠤᠨ | ᠲᠣᠮᠢᠯᠠᠨ ᠬᠦᠷᠭᠡᠬᠦ ᠦᠢᠯᠡᠴᠢᠯᠡᠭᠡ ᠶᠢ ᠰᠢᠯᠢᠳᠡᠭᠵᠢᠭᠦᠯᠪᠡ᠃ ᠡᠭᠦᠨ ᠠᠴᠠ ᠭᠠᠳᠠᠨ᠎ᠠ᠂ ᠨᠠᠢᠮᠠᠨ ᠰᠠᠷ᠎ᠠ ᠶᠢᠨ ᠲᠡᠷᠭᠡᠯ | ᠪᠠᠶᠠᠷ ᠤᠨ ᠬᠤᠭᠤᠴᠠᠭᠠᠨ ᠳᠤ᠂ ᠲᠦᠭᠦᠬᠡᠢ ᠰᠢᠨ᠎ᠡ ᠰᠣᠷᠭᠤᠭ ᠲᠥᠷᠥᠯ ᠤᠨ ᠪᠠᠷᠠᠭ᠎ᠠ ᠲᠣᠮᠢᠯᠠᠬᠤ ᠨᠢ ᠨᠡᠯᠢᠶᠡᠳ | ᠣᠯᠠᠨ ᠪᠠᠶᠢᠬᠤ ᠶᠢ ᠪᠣᠳᠣᠯᠬᠢᠯᠠᠭᠠᠳ᠂ ᠰᠢᠤᠳᠠᠨ ᠤ ᠺᠣᠮᠫᠠᠨᠢ ᠶᠢᠨ ᠬᠢᠨ ᠲᠤᠰᠬᠠᠶᠢᠯᠠᠨ ᠤᠯᠠᠷᠢᠯ ᠤᠨ ᠦᠢᠯᠡᠳᠬᠦᠨ ᠳᠤ | ᠭᠤᠣᠯᠳᠠᠯᠭ᠎ᠠ ᠲᠠᠢ ᠬᠢᠨᠠᠨ ᠡᠵᠡᠮᠳᠡᠯ ᠬᠢᠵᠦ᠂ ᠬᠤᠷᠢᠶᠠᠨ ᠠᠪᠴᠤ ᠪᠣᠭᠤᠳᠠᠯᠯᠠᠬᠤ ᠠᠴᠠ ᠠᠪᠤᠭᠠᠳ ᠬᠠᠮᠤᠭ | ᠡᠴᠦᠰ ᠲᠤ ᠲᠣᠮᠢᠯᠠᠨ ᠬᠦᠷᠭᠡᠬᠦ ᠬᠦᠷᠲᠡᠯ᠎ᠡ᠂ ᠪᠥᠬᠦ ᠶᠠᠪᠤᠴᠠ ᠳᠤ ᠭᠤᠣᠯᠳᠠᠯᠭ᠎ᠠ ᠲᠠᠢ ᠬᠢᠨᠠᠨ ᠡᠵᠡᠮᠳᠡᠬᠦ | ᠮᠥᠷᠳᠡᠯᠲᠡ ᠶᠢ ᠬᠡᠷᠡᠭᠵᠢᠭᠦᠯᠵᠦ᠂ ᠬᠠᠮᠤᠭ ᠤᠨ ᠲᠦᠷᠭᠡᠨ ᠬᠤᠷᠳᠤᠴᠠ ᠪᠠᠷ ᠬᠦᠷᠭᠡᠵᠦ ᠪᠠᠶᠢᠨ᠎ᠠ᠃ | | | ᠵᠣᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |