ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠢᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠡᠷᠭᠢᠯᠡᠪᠡ
ᠨᠡᠶᠢᠲᠡᠯᠡᠭᠰᠡᠨ ᠴᠠᠭ᠄
2024/9/11
     ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠢᠨ ︽ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠵᠦ · ᠳᠤᠮᠳᠠᠳᠤ ᠤᠯᠤᠰ ᠤᠨ ᠮᠡᠨᠳᠦᠯᠡᠭᠰᠡᠨ ᠪᠠᠶᠠᠷ ᠢ ᠬᠠᠮᠲᠤ ᠪᠠᠷ ᠪᠡᠯᠬᠡᠯᠡᠬᠦ︾ ᠠᠵᠢᠯᠯᠠᠭ᠎ᠠ ︱ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠡᠷᠭᠢᠯᠡᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠰᠢᠶᠣᠣ ᠯᠢ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ‍ᠤᠨ‌‍ᠶᠠᠷᠢᠶ᠎ᠠ ᠲᠠᠯᠪᠢᠪᠠ᠃
    ᠳ᠋ᠧᠩ ᠰᠢᠶᠣᠣ ᠯᠢ ᠪᠠᠶᠠᠷ ᠤᠨ ᠶᠠᠷᠢᠶᠠᠨ ᠳᠤ ᠪᠠᠨ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠬᠢᠨ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠦᠷᠭᠦᠯᠵᠢᠯᠡᠨ ᠪᠦᠯᠬᠦᠮᠳᠡᠨ ᠨᠢᠭᠡᠳᠴᠦ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠬᠡᠷᠡᠢ ᠬᠡᠪᠡ᠃
   ᠲᠣᠭᠯᠠᠯᠲᠠ ᠶᠢᠨ ᠠᠵᠢᠯᠯᠠᠭ᠎ᠠ ᠶᠢ ᠭᠤᠷᠪᠠᠨ ᠪᠦᠯᠦᠭ ᠬᠤᠪᠢᠶᠠᠨ᠂ ᠳᠠᠭᠤᠤ ᠪᠥᠵᠢᠭ᠂ ᠤᠷᠠᠨ ᠤᠩᠰᠢᠯᠭ᠎ᠠ᠂ ᠬᠥᠭᠵᠢᠮ ᠤᠨ ᠠᠶ᠎ᠠ ᠵᠡᠷᠭᠡ ᠬᠡᠯᠪᠡᠷᠢ ᠪᠠᠷ ᠥᠩᠭᠡᠷᠡᠭᠰᠡᠨ ᠤ ᠭᠠᠶᠢᠬᠠᠮᠰᠢᠭᠲᠤ ᠣᠨ ᠰᠠᠷ᠎ᠠ ᠶᠢ ᠡᠷᠭᠢᠴᠡᠭᠦᠯᠵᠦ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠳᠣᠣᠷ᠎ᠠ᠂ ᠡᠯ᠎ᠡ ᠡᠲᠡᠭᠡᠳ ᠤᠨ ᠡᠬᠡ ᠣᠷᠣᠨᠴᠢ ᠬᠥᠮᠥᠰ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠦ᠂ ᠦᠨᠡᠨ ᠰᠡᠳᠬᠢᠯ ᠠᠴᠠ ᠪᠠᠨ ᠨᠥᠬᠦᠷᠯᠡᠵᠦ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ ᠡᠬᠡ ᠣᠷᠣᠨ ᠢᠶᠠᠨ ᠪᠦᠲᠦᠭᠡᠨ ᠪᠠᠶᠢᠭᠤᠯᠤᠭᠰᠠᠨ ᠶᠡᠷᠦ ᠪᠤᠰᠤ ᠶᠢᠨ ᠰᠦᠷ ᠳᠠᠯᠠᠶᠢᠴᠠᠲᠠᠢ ᠲᠡᠦᠬᠡᠨ ᠶᠠᠪᠤᠴᠠ ᠶᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠡᠬᠡ ᠣᠷᠣᠨ ᠳᠠᠭᠠᠨ ᠬᠠᠨᠳᠤᠭᠤᠯᠤᠭᠰᠠᠨ ᠬᠠᠯᠠᠭᠤᠨ ᠬᠠᠶᠢᠷ᠎ᠠ ᠪᠠ ᠰᠠᠶᠢᠨ ᠰᠠᠶᠢᠬᠠᠨ ᠢᠷᠦᠭᠡᠯ ᠢᠶᠠᠨ ᠤᠷᠠᠯᠢᠭ ᠤᠨ ᠬᠡᠯᠪᠡᠷᠢ ᠪᠠᠷ ᠢᠯᠡᠳᠬᠡᠭᠰᠡᠨ ᠪᠠᠶᠢᠨ᠎ᠠ᠃   ᠨᠠᠶᠢᠷᠠᠭᠤᠯᠤᠭᠴᠢ᠄ ᠯᠢ ᠰᠧ ᠬᠤᠢ   ᠬᠢᠨᠠᠨ ᠬᠠᠷᠭᠤᠭᠤᠯᠤᠭᠰᠠᠨ ᠨᠢ᠄ ᠶᠠᠨ ᠬᠤᠸᠠᠢ ᡁᠢ   ᠤᠷᠴᠢᠭᠤᠯᠤᠬᠴᠢ᠄ ᠬᠠᠨ ᠰᠢᠶᠤᠤ ᠿᠦᠩ   ᠬᠢᠨᠠᠬᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3