| —— ᠮᠠᠨ ᠤ ᠬᠤᠳᠠ ᠶᠢᠨ ᠬᠢᠨ ︽ᠦᠯᠢᠭᠡᠷ ᠳᠠᠭᠤᠷᠢᠶᠠᠯ ᠳᠡᠷᠭᠡᠳᠡ ᠪᠤᠢ︾ ᠭᠡᠬᠦ ᠵᠢᠱᠢᠶᠡᠴᠢ | ᠦᠢᠯᠡ ᠠᠵᠢᠯᠯᠠᠭ᠎ᠠ ᠵᠢᠴᠢ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠠᠵᠤ ᠠᠬᠤᠶᠢᠯᠠᠯ ᠳᠤ | ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ | | ᠲᠦᠷᠦᠭᠦᠬᠡᠨ᠂ ᠮᠠᠨ ᠤ ᠬᠤᠲᠠ ᠶᠢᠨ ᠬᠢᠨ ᠥᠪᠥᠷ ᠮᠣᠩᠭᠤᠯ ᠤᠨ ᠶᠢᠨ ᠵᠢᠦ ᠯᠦᠩ ᠲᠡᠮᠦᠷᠯᠢᠭ ᠬᠠᠶᠢᠯᠤᠭᠤᠯᠬᠤ | ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ︽ᠥᠯᠢᠭᠡᠷ ᠳᠠᠭᠤᠷᠢᠶᠠᠯ ᠳᠡᠷᠭᠡᠳᠡ ᠪᠤᠢ︾ ᠭᠡᠬᠦ | ᠵᠢᠱᠢᠶᠡᠴᠢ ᠦᠶᠯᠡ ᠠᠵᠢᠯᠯᠠᠭ᠎ᠠ ᠵᠢᠴᠢ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠠᠵᠤ | ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ | ᠬᠥᠳᠡᠯᠮᠦᠷᠢ ᠶᠢᠨ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠹᠧᠩᠴᠤᠸᠠᠨ ᠵᠢᠦ ᠰᠢᠩ ᠠᠷᠢᠬᠢᠨ ᠤ ᠦᠢᠯᠡᠰ ᠤᠨ ᠬᠢᠵᠠᠭᠠᠷᠲᠤ | ᠺᠣᠮᠫᠠᠨᠢ ᠶᠢᠨ ᠠᠯᠪᠠᠨ ᠭᠡᠷ ᠤᠨ ᠡᠷᠬᠢᠯᠡᠭᠴᠢ ᠪᠥᠭᠡᠳ ᠠᠷᠢᠬᠢ ᠦᠢᠯᠡᠳᠬᠦ ᠦᠢᠯᠡᠳᠪᠦᠷᠢ ᠶᠢᠨ ᠲᠠᠰᠤᠭ ᠤᠨ ᠡᠷᠬᠢᠯᠡᠭᠴᠢ | ᠵᠠᠩ ᠭᠧᠨ ᠵᠢᠦ ᠵᠢᠴᠢ 2023 ᠣᠨ ᠤ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ ᠬᠠᠮᠤᠭ ᠤᠨ ᠭᠤᠶᠤ | ᠲᠤᠰᠠᠯᠠᠬᠤ ᠴᠠᠭᠳᠠᠭ᠎ᠠ︾ ᠦ᠋ ᠶᠦᠩ ᠬᠤᠩ ᠵᠡᠷᠭᠡ ᠲᠡᠷᠢᠭᠦᠨ ᠤ ᠵᠢᠱᠢᠶᠡᠴᠢ ᠬᠥᠮᠥᠰ ᠢ ᠣᠨᠴᠠᠭᠠᠶᠢᠯᠠᠨ ᠤᠷᠢᠵᠤ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠯᠭᠡᠪᠡ᠃ ᠲᠡᠳᠡ ᠥᠪᠡᠷ ᠥᠪᠡᠷ ᠤᠨ ᠠᠵᠢᠯ ᠤᠨ ᠪᠠᠶᠢᠷᠢ ᠳᠡᠭᠡᠷᠡᠬᠢ | ᠲᠡᠮᠡᠴᠡᠯ ᠤᠨ ᠥᠩᠭᠡᠷᠡᠯᠲᠡ ᠪᠠᠨ ᠬᠤᠪᠢᠶᠠᠯᠴᠠᠵᠤ᠂ ᠥᠪᠡᠷ ᠤᠨ ᠠᠮᠢᠳᠤᠯᠢᠭ ᠦᠢᠯᠡᠳᠦᠯᠭᠡ ᠪᠠᠷ ᠢᠶᠠᠨ ︽ | ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠲᠠᠶᠢᠯᠪᠤᠷᠢᠯᠠᠵᠤ᠂ ᠥᠷᠭᠡᠨ ᠤᠯᠠᠨ ᠺᠠᠳ᠋ᠷ ᠠᠵᠢᠯᠲᠠᠨ | ᠠᠵᠢᠯᠴᠢᠨ ᠢ ︽ᠲᠡᠰᠪᠦᠷᠢ ᠬᠠᠲᠠᠭᠤᠵᠢᠯᠲᠠᠢ ᠲᠡᠮᠡᠴᠡᠬᠦ᠂ ᠭᠤᠶᠠᠴᠢ ᠦᠭᠡᠢ ᠵᠢᠳᠬᠦᠬᠦ᠂ ᠰᠢᠨᠲᠠᠷᠠᠰᠢ ᠦᠭᠡᠢ | ᠴᠢᠷᠮᠠᠶᠢᠬᠤ᠂ ᠤᠷᠳᠤ ᠬᠤᠭᠤᠴᠠᠭ᠎ᠠ ᠪᠠᠷ ᠭᠠᠪᠢᠶ᠎ᠠ ᠪᠠᠶᠢᠭᠤᠯᠬᠤ︾᠂ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ | ᠶᠢ ᠪᠠᠳᠠᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠡᠷᠡᠰ ᠪᠠᠲᠤ ᠢᠲᠡᠭᠡᠯ ᠵᠣᠷᠢᠭ ᠢᠶᠠᠷ ᠠᠵᠢᠯ ᠳᠠᠭᠠᠨ | ᠣᠷᠣᠯᠴᠠᠵᠤ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠭᠠᠪᠢᠶ᠎ᠠ ᠵᠢᠳᠬᠦᠯ ᠪᠠᠶᠢᠭᠤᠯᠵᠤ᠂ ᠡᠶ᠎ᠡ | ᠵᠣᠬᠢᠴᠠᠩᠭᠤᠢ ᠠᠵᠤ ᠠᠬᠤᠶᠢᠯᠠᠯ ᠢ ᠪᠠᠶᠢᠭᠤᠯᠬᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠪᠠ ᠤᠶᠤᠨ ᠤᠬᠠᠭᠠᠨ ᠢᠶᠠᠨ ᠡᠷᠭᠦᠭᠡᠷᠡᠢ ᠭᠡᠵᠦ ᠵᠤᠷᠢᠭᠵᠢᠭᠤᠯᠪᠠ᠃ | | ᠲᠣᠰ ᠠᠵᠢᠯᠯᠠᠭ᠎ᠠ ᠶᠢ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ | ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ | ᠠᠵᠢᠯ ᠤᠨ ᠬᠡᠯᠲᠡᠰ ᠠᠴᠠ ᠭᠤᠣᠯᠯᠠᠨ ᠡᠷᠭᠢᠯᠡᠵᠦ᠂ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠠᠵᠢᠯᠴᠢᠨ ᠤ | ᠶᠡᠷᠦᠩᠬᠡᠢ ᠡᠪᠯᠡᠯ ᠤᠨ ᠬᠢᠨ ᠳᠠᠭᠠᠭᠠᠴᠢᠯᠠᠨ ᠡᠷᠭᠢᠯᠡᠪᠡ᠃ | | | ᠵᠣᠬᠢᠶᠠᠭᠴᠢ᠄ ᠶᠠᠨ ᠰᠢᠶᠠ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |