ᠪᠥᠬᠦ ᠣᠷᠣᠨ ᠤ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠪᠣᠯᠪᠠᠰᠤᠷᠠᠭᠤᠯᠤᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/13
   9 ᠰᠠᠷ᠎ᠠ ᠶᠢᠨ 11 ᠤ ᠡᠳᠦᠷ᠂ ᠮᠠᠨ ᠤ ᠬᠤᠲᠠ ᠶᠢᠨ ᠬᠢᠨ ︽ᠪᠥᠬᠦ ᠣᠷᠣᠨ ᠤ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠴᠢᠷᠠᠬᠤ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠪᠣᠯᠪᠠᠰᠤᠷᠠᠭᠤᠯᠤᠯ︾ ᠤᠨ ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠬᠦ ᠠᠵᠢᠯ ᠢᠶᠠᠨ ᠡᠬᠢᠯᠡᠭᠦᠯᠪᠡ᠃ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠪᠤᠯᠪᠠᠰᠤᠷᠠᠭᠤᠯᠤᠯ 9 ᠰᠠᠷ᠎ᠠ ᠶᠢᠨ 12 ᠤᠨ ᠡᠳᠦᠷ ᠠᠴᠠ ᠵᠢᠩᠬᠢᠨᠢ ᠪᠠᠷ ᠡᠬᠢᠯᠡᠵᠦ᠂ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃
   ᠲᠤᠬᠠᠢ ᠶᠢᠨ ᠲᠠᠯᠠᠪᠤᠷ ᠲᠤ ᠪᠤᠯᠪᠠᠰᠤᠷᠠᠭᠤᠯᠤᠯ ᠳᠤ ᠣᠷᠣᠯᠴᠠᠭᠰᠠᠳ ᠨᠡᠷ᠎ᠡ ᠮᠡᠳᠡᠭᠦᠯᠬᠦ ᠶᠠᠪᠤᠴᠠ ᠳᠤ ᠠᠵᠢᠯᠲᠠᠳ ᠪᠤᠯᠪᠠᠰᠤᠷᠠᠭᠤᠯᠤᠯ ᠤᠨ ᠶᠠᠪᠤᠴᠠ᠂ ᠠᠩᠬᠠᠷᠬᠤ ᠵᠦᠢᠯ ᠵᠡᠷᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠭᠠᠷ ᠤᠭᠤᠲᠠ᠂ ᠬᠤᠷᠠᠯ ᠤᠨ ᠭᠠᠷ ᠳᠡᠪᠲᠡᠷ ᠵᠡᠷᠭᠡ ᠪᠤᠯᠪᠠᠰᠤᠷᠠᠭᠤᠯᠤᠯ ᠤᠨ ᠬᠡᠷᠡᠭᠰᠡᠯ ᠢ ᠲᠦᠭᠡᠭᠡᠵᠦ ᠦᠭᠪᠡ᠃ ᠪᠦᠬᠦ ᠣᠷᠣᠨ ᠤ 12 ᠠᠶᠢᠮᠠᠭ ᠬᠤᠳᠠ ᠶᠢᠨ ᠪᠤᠯᠪᠠᠰᠤᠷᠠᠭᠤᠯᠤᠯ ᠳᠤ ᠣᠷᠣᠯᠴᠠᠭᠰᠠᠨ ᠵᠠᠭᠤ ᠰᠢᠬᠠᠮ ᠬᠥᠮᠥᠨ ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠪᠡ᠃    ᠪᠤᠯᠪᠠᠰᠤᠷᠠᠭᠤᠯᠤᠯ ᠳᠤ ᠣᠷᠣᠯᠴᠠᠭᠰᠠᠳ ᠤᠨ ᠬᠠᠯᠠᠭᠤᠨ ᠰᠡᠳᠬᠢᠯᠭᠡ ᠣᠷᠭᠢᠯᠵᠤ᠂ ᠲᠤᠬᠠᠢ ᠶᠢᠨ ᠲᠠᠯᠠᠪᠤᠷ ᠲᠤ ᠨᠡᠷ᠎ᠡ ᠮᠡᠳᠡᠬᠦᠯᠦᠯᠳᠡ ᠬᠥᠷ ᠬᠥᠭᠵᠢᠶᠡᠨ ᠲᠠᠢ ᠪᠠᠶᠢᠵᠤ᠂ ᠪᠤᠯᠪᠠᠰᠤᠷᠠᠭᠤᠯᠤᠯ ᠤᠨ ᠠᠵᠢᠯᠯᠠᠭ᠎ᠠ ᠨᠢ ᠪᠥᠬᠦ ᠣᠷᠣᠨ ᠤ ᠥᠷᠭᠡᠨ ᠣᠯᠠᠨ ᠲᠠᠷᠢᠶᠠᠴᠢᠨ ᠡᠷᠦᠬᠡ ᠶᠢᠨ ᠰᠦᠯᠢᠶᠥᠦ ᠪᠦᠷᠬᠦᠪᠴᠢ ᠶᠢ ᠵᠢᠷᠤᠮᠵᠢᠭᠤᠯᠤᠨ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ᠂ ᠪᠠᠰᠠ ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠪᠡ᠃          ᠵᠣᠬᠢᠶᠠᠭᠴᠢ᠄ ᠬᠤᠤ ᠴᠧᠨ ᠹᠧᠩ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3