ᠮᠠᠨ ᠤ ᠬᠤᠲᠠ ᠶᠢᠨ ᠬᠢᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠰᠢᠨ᠎ᠡ ᠳᠤᠮᠳᠠᠳᠤ ᠤᠯᠤᠰ ᠤᠨ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠭᠰᠠᠨ ᠢ ᠮᠠᠭᠲᠠᠨ ᠰᠠᠶᠢᠰᠢᠶᠠᠬᠤ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ︾ ᠢ ᠤᠭᠲᠤᠬᠤ ᠤᠷᠠᠨ ᠪᠢᠴᠢᠯᠭᠡ ᠤᠷᠠᠨ ᠵᠢᠷᠤᠭ ᠤᠨ ᠪᠢᠷ ᠤᠨ ᠴᠤᠭᠯᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/13
   9 ᠰᠠᠷ᠎ᠠ ᠶᠢᠨ 11 ᠤ ᠡᠳᠦᠷ᠂ ᠮᠠᠨ ᠤ ᠬᠤᠲᠠ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠰᠢᠨ᠎ᠡ ᠳᠤᠮᠳᠠᠳᠤ ᠤᠯᠤᠰ ᠤᠨ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠭᠰᠠᠨ ᠢ ᠮᠠᠭᠲᠠᠨ ᠰᠠᠶᠢᠰᠢᠶᠠᠬᠤ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ︾ ᠢ ᠤᠭᠲᠤᠬᠤ ᠤᠷᠠᠨ ᠪᠢᠴᠢᠯᠭᠡ ᠤᠷᠠᠨ ᠵᠢᠷᠤᠭ ᠤᠨ ᠪᠢᠷ ᠤᠨ ᠴᠤᠭᠯᠠᠭᠠᠨ ᠤ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡ ᠤᠷᠠᠨ ᠵᠢᠷᠤᠭ ᠲᠤ ᠪᠠᠭ᠋ᠠᠲᠠᠢ ᠬᠥᠮᠥᠰ ᠰᠠᠨᠠᠯ ᠢᠶᠠᠨ ᠰᠣᠯᠢᠯᠴᠠᠨ ᠵᠥᠪᠳᠡᠯᠴᠡᠵᠦ᠂ ᠤᠷᠠᠨ ᠪᠢᠴᠢᠯᠭᠡ ᠤᠷᠠᠨ ᠵᠢᠷᠤᠭ ᠤᠨ ᠤᠷ᠎ᠠ ᠮᠡᠷᠭᠡᠵᠢᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠭᠦᠨ ᠵᠤᠵᠠᠭᠠᠨ ᠰᠣᠶᠣᠯ ᠤᠨ ᠠᠭᠤᠯᠬᠤᠨ ᠪᠠ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠢᠯᠡᠷᠡᠭᠦᠯᠪᠡ᠃ ᠦᠵᠡᠭᠴᠢᠳ‌‍ᠰᠤᠨᠢᠷᠬᠠᠬᠤ ᠶᠢᠨ ᠲᠠᠭᠠᠤ ᠮᠠᠭᠲᠠᠨ ᠰᠠᠶᠢᠰᠢᠶᠠᠵᠤ᠂  ᠪᠠᠰᠠ ᠡᠲᠡᠭᠡᠷ ᠪᠦᠲᠦᠭᠡᠯ ᠤᠳ ᠢᠶᠠᠷ ᠳᠠᠮᠵᠢᠭᠤᠯᠤᠨ ᠤᠷᠠᠯᠢᠭ ᠤᠨ ᠷᠢᠳᠢ ᠰᠢᠳᠢ ᠶᠢ ᠣᠯᠵᠤ ᠮᠡᠳᠡᠭᠰᠡᠨ ᠢᠶᠠᠷ ᠪᠠᠷᠠᠬᠤ ᠦᠭᠡᠢ᠂ᠨᠠᠩ ᠴᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠤᠯᠤᠰ ᠣᠷᠣᠨ ᠡᠳᠦᠷ ᠢᠷᠡᠬᠦᠶ᠎ᠡ ᠴᠡᠴᠡᠭᠯᠡᠨ ᠬᠦᠴᠦᠷᠬᠡᠭᠵᠢᠵᠦ ᠪᠠᠶᠢᠬᠤ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ ᠪᠠᠶᠢᠬᠤ ᠶᠢ ᠭᠦᠨᠵᠡᠭᠡᠢ ᠣᠶᠢᠯᠠᠭᠠᠵᠤ ᠮᠡᠳᠡᠭᠰᠡᠨ ᠪᠠᠶᠢᠨ᠎ᠠ ᠭᠡᠵᠦ ᠢᠯᠡᠳᠬᠡᠵᠡᠭᠡᠪᠡ᠃
   ᠲᠤᠰ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠠᠴᠠ ᠭᠤᠣᠯᠯᠠᠨ ᠡᠷᠭᠢᠯᠡᠵᠦ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠠᠴᠠ ᠳᠠᠭᠠᠭᠠᠴᠢᠯᠠᠨ ᠡᠷᠭᠢᠯᠡᠪᠡ᠃          ᠵᠣᠬᠢᠶᠠᠭᠴᠢ᠄ ᠶᠠᠨ ᠰᠢᠶᠠ ᠹᠧᠢ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3