ᠮᠠᠨ ᠤ ᠬᠤᠲᠠ ᠶᠢᠨ ᠬᠢᠨ 2024 ᠣᠨ ᠤ ᠳᠣᠣᠷ᠎ᠠ ᠬᠠᠭᠠᠰ ᠵᠢᠯ ᠤᠨ ᠴᠡᠷᠢᠭ ᠲᠣᠭᠲᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/13
   9 ᠰᠠᠷ᠎ᠠ ᠶᠢᠨ 10 ᠤ ᠡᠳᠦᠷ᠂ ᠮᠠᠨ ᠤ ᠬᠤᠲᠠ ᠶᠢᠨ ᠬᠢᠨ 2024 ᠣᠨ ᠤ ᠳᠣᠣᠷ᠎ᠠ ᠬᠠᠭᠠᠰ ᠵᠢᠯ ᠤᠨ ᠴᠡᠷᠢᠭ ᠲᠣᠭᠲᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠸᠧᠢ ᠭᠦᠸᠧ ᠴᠦᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠵᠧᠨ ᠪᠥᠸᠧ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠤᠸᠠᠩ ᠭᠦᠸᠧ ᠵᠢᠢ ᠨᠠᠷ ᠬᠤᠷᠠᠯ ᠳᠤ ᠣᠷᠣᠯᠴᠠᠵᠤ᠂ ᠸᠠᠩ ᠵᠧᠨ ᠪᠥᠸᠧ ᠬᠤᠷᠠᠯ ᠢ ᠡᠷᠭᠢᠯᠡᠪᠡ᠃
   ᠬᠤᠷᠠᠯ ᠳᠡᠭᠡᠷ᠎ᠡ᠂ ᠬᠤᠸᠠᠩ ᠭᠦᠸᠧ ᠵᠢᠢ 2024 ᠣᠨ ᠤ ᠳᠣᠣᠷ᠎ᠠ ᠬᠠᠭᠠᠰ ᠵᠢᠯ ᠤᠨ ᠴᠡᠷᠢᠭ ᠡᠯᠰᠡᠬᠦ ᠠᠵᠢᠯ  ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠴᠡᠷᠢᠭ ᠲᠣᠭᠲᠠᠭᠠᠬᠤ ᠲᠥᠰᠥᠯ ᠢ ᠬᠠᠷᠢᠭᠤ ᠮᠡᠳᠡᠭᠦᠯᠪᠡ︔ᠸᠠᠩ ᠵᠧᠨ ᠪᠥᠸᠧ ᠠᠷᠢᠭᠤᠨ ᠴᠢᠬᠡᠴᠢ ᠪᠠᠷ ᠴᠡᠷᠢᠭ ᠡᠯᠰᠡᠬᠦ ᠪᠠ ᠬᠢᠨᠠᠨ ᠵᠥᠪᠰᠢᠶᠡᠷᠡᠵᠦ ᠴᠡᠷᠢᠭ ᠲᠣᠭᠲᠠᠭᠠᠬᠤ ᠬᠤᠯᠪᠣᠭᠳᠠᠯ ᠪᠦᠬᠦᠢ ᠲᠣᠭᠲᠠᠭᠠᠯ ᠢ ᠤᠯᠠᠮᠵᠢᠯᠠᠨ ᠰᠤᠷᠤᠯᠴᠠᠪᠠ︔ ᠬᠤᠲᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠣᠬᠢᠬᠤ ᠨᠠᠰᠤᠨ ᠤ ᠵᠠᠯᠠᠭᠤᠴᠤᠳ ᠤᠨ ᠤᠯᠤᠰ ᠲᠥᠷᠥ ᠶᠢᠨ ᠬᠢᠨᠠᠨ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ᠂ ᠰᠤᠷᠤᠯᠭ᠎ᠠ ᠶᠢᠨ ᠨᠠᠮᠲᠠᠷ ᠢ ᠬᠢᠨᠠᠨ ᠪᠠᠶᠢᠴᠠᠭᠠᠵᠤ ᠬᠢᠨᠠᠨ ᠬᠠᠷᠭᠤᠭᠤᠯᠤᠭᠰᠠᠨ ᠪᠠᠶᠢᠳᠠᠯ ᠢ ᠮᠡᠳᠡᠭᠳᠡᠪᠡ︔ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ ᠶᠢᠨ ᠲᠥᠯᠥᠭᠡᠯᠡᠭᠴᠢ ᠰᠠᠨᠠᠯ ᠢᠶᠠᠨ ᠢᠯᠡᠳᠬᠡᠪᠡ︔ ᠬᠤᠷᠠᠯ ᠳᠤ ᠣᠷᠣᠯᠴᠠᠭᠰᠠᠳ ᠤᠷᠢᠳᠴᠢᠯᠠᠨ ᠲᠣᠭᠲᠠᠭᠠᠭᠰᠠᠨ ᠴᠡᠷᠢᠭ ᠤᠨ ᠨᠡᠷᠡᠰ ᠵᠢᠴᠢ ᠳᠠᠷᠠᠭᠠᠯᠠᠨ ᠨᠥᠬᠦᠪᠦᠷᠢᠯᠡᠭᠳᠡᠬᠦ ᠡᠲᠡᠭᠡᠳ ᠤᠨ ᠨᠡᠷᠡᠰ ᠢ ᠪᠠᠲᠤᠯᠠᠭᠰᠠᠨ ᠪᠥᠭᠡᠳ ᠲᠤᠬᠠᠢ ᠶᠢᠨ ᠲᠠᠯᠠᠪᠤᠷ ᠲᠤ ᠭᠠᠷ ᠤᠨ ᠦᠰᠦᠭ ᠵᠢᠷᠤᠪᠠ᠃    ᠸᠧᠢ ᠭᠦᠸᠧ ᠴᠦᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠄ ᠬᠤᠳᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠡᠮᠦᠨ᠎ᠡ ᠬᠤᠭᠤᠴᠠᠭᠠᠨ ᠳᠤ ᠴᠡᠷᠢᠭ ᠡᠯᠰᠡᠬᠦ ᠱᠠᠲᠤᠴᠢ ᠴᠢᠨᠠᠷᠲᠠᠢ ᠠᠵᠢᠯ ᠤᠨ ᠡᠭᠦᠷᠭᠡ ᠶᠢ ᠤᠷᠤᠭᠰᠢᠲᠠᠢ ᠪᠡᠶᠡᠯᠡᠭᠦᠯᠪᠡ︔ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ 33 ᠰᠢᠨ᠎ᠡ ᠴᠡᠷᠢᠭ ᠪᠠ 4 ᠣᠷᠣᠯᠠᠭᠴᠢ ᠴᠡᠷᠢᠭ ᠢ ᠠᠩᠬ᠎ᠠ ᠠᠯᠬᠤᠮ ᠲᠣᠭᠲᠠᠭᠠᠵᠤ᠂ᠵᠠᠯᠭᠠᠭᠠᠳ ᠲᠣᠭᠲᠠᠭᠰᠠᠨ ᠴᠠᠭ ᠬᠤᠭᠤᠴᠠᠭ᠎ᠠ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠢᠭᠡᠨᠲᠡ ᠲᠣᠭᠲᠠᠭᠰᠠᠨ ᠴᠡᠷᠢᠭ ᠢ ᠵᠠᠷᠯᠠᠨ ᠨᠡᠶᠢᠲᠡᠯᠡᠵᠦ᠂ ᠠᠷᠠᠳ ᠤᠯᠠᠨ ᠪᠠ ᠥᠷᠭᠡᠨ ᠤᠯᠠᠨ ᠴᠡᠷᠢᠭ ᠲᠤ ᠡᠯᠰᠡᠭᠳᠡᠬᠦ ᠵᠠᠯᠠᠭᠤᠴᠤᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ︔ ᠴᠡᠷᠢᠭ ᠲᠣᠭᠲᠠᠭᠠᠬᠤ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠠᠮᠢᠶᠠᠷᠤᠯᠲᠠ ᠳᠤ ᠥᠨᠴᠥᠭ ᠪᠤᠯᠤᠩ ᠦᠯᠡᠳᠡᠭᠡᠬᠦ ᠦᠭᠡᠢ᠂ ᠴᠡᠷᠢᠭ ᠲᠤ ᠠᠰᠠᠭᠤᠳᠠᠯ ᠭᠠᠷᠬᠤ ᠦᠭᠡᠢ ᠪᠠᠶᠢᠬᠤ ᠶᠢ ᠪᠡᠶᠡᠯᠡᠭᠦᠯᠵᠦ᠂ ᠰᠢᠨ᠎ᠡ ᠴᠡᠷᠢᠭ ᠤᠨ ᠤᠷᠤᠭᠰᠢᠲᠠᠢ ᠪᠠᠷ ᠮᠣᠷᠳᠠᠬᠤ ᠶᠢ ᠪᠠᠲᠤᠯᠠᠬᠤ ᠬᠡᠷᠡᠭᠲᠡᠢ︔ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠨᠠᠷᠢᠨ ᠨᠢᠭᠲᠠ ᠰᠠᠶᠢᠲᠤᠷ ᠬᠢᠵᠦ᠂ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠰᠢᠨ᠎ᠡ ᠴᠡᠷᠢᠭ ᠤᠨ ᠴᠠᠭ ᠲᠠᠭᠠᠨ ᠤᠷᠤᠭᠰᠢᠲᠠᠢ ᠪᠠᠷ ᠴᠡᠷᠢᠭ ᠠᠩᠭᠢ ᠳᠤ ᠬᠦᠷᠬᠦ ᠶᠢ ᠪᠠᠲᠤᠯᠠᠬᠤ ᠬᠡᠷᠡᠭᠲᠡᠢ᠃        ᠵᠣᠬᠢᠶᠠᠭᠴᠢ᠄ ᠵᠢᠶᠠ ᠯᠢ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3