| 9 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠤᠷᠢᠳ ᠬᠤᠵᠢᠳ | ᠵᠢᠦᠢ ᠪᠦᠦ ᠵᠤᠸᠠᠩ ᠪᠠᠯᠭᠠᠰᠤ᠂ ᠬᠠᠭᠤᠴᠢᠨ ᠬᠤᠲᠠ ᠲᠣᠭᠤᠷᠢᠭ᠂ ᠬᠤᠲᠠ ᠶᠢᠨ ᠡᠮᠦᠨ᠎ᠡ ᠲᠣᠭᠤᠷᠢᠭ ᠪᠠ ᠦᠨᠳᠦᠷ | ᠬᠤᠷᠳᠤᠴᠠᠲᠤ ᠲᠡᠮᠦᠷ ᠵᠠᠮ ᠤᠨ ᠥᠷᠲᠡᠭᠡ ᠵᠡᠷᠭᠡ ᠭᠠᠵᠠᠷ ᠢᠶᠠᠷ ᠭᠦᠨᠵᠡᠭᠡᠶᠢᠷᠡᠵᠦ᠂ ︽ᠨᠡᠭᠦᠷᠡᠰᠦ ᠶᠢ ᠴᠠᠬᠢᠯᠭᠠᠨ | ᠪᠣᠯᠭᠠᠨ ᠥᠭᠡᠷᠡᠴᠢᠯᠡᠬᠦ︾ ᠵᠢᠴᠢ ︽ᠳᠤᠯᠠᠭᠠᠯᠠᠬᠤ ᠢᠨᠵᠧᠨᠧᠷᠢᠩ︾ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠤᠨ | ᠲᠤᠬᠠᠢ ᠬᠢᠨᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ | ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠰᠢᠨ ᠬᠢᠨᠠᠨ ᠵᠢᠯᠤᠭᠤᠳᠬᠤ ᠳᠤ ᠵᠢᠦᠢ ᠪᠦᠦ ᠵᠤᠸᠠᠩ | ᠪᠠᠯᠭᠠᠰᠤᠨ ᠤ ᠰᠢᠨ ᠶᠢᠩᠽᠢ ᠲᠣᠰᠬᠤᠨ ᠳᠤ᠂ ᠯᠢ ᠶᠢᠩ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠶᠢᠨ | ᠬᠠᠷᠢᠭᠤᠴᠠᠯᠭᠠᠲᠠᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠠᠬᠢᠴᠠ ᠶᠢᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠣᠰᠬᠤᠨ ᠤ ᠠᠷᠠᠳ ᠤᠨ ᠭᠡᠷ ᠲᠤ | ᠭᠦᠨᠵᠡᠭᠡᠶᠢᠷᠡᠨ ᠰᠤᠷᠪᠤᠯᠵᠢᠯᠠᠵᠤ᠂ ᠬᠡᠷᠡᠭᠵᠢᠭᠦᠯᠦᠭᠰᠡᠨ ᠪᠠᠶᠢᠳᠠᠯ ᠢ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠵᠦ᠂ | ᠤᠯᠠᠨ ᠲᠦᠮᠡᠨ ᠤ ᠰᠠᠨᠠᠭᠤᠯᠭ᠎ᠠ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠳᠤ | ᠪᠣᠳᠠᠲᠠᠢ ᠱᠠᠭᠠᠷᠳᠠᠯᠭ᠎ᠠ ᠳᠤᠷᠠᠳᠪᠠ᠃ | | ᠯᠢ ᠶᠢᠩ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠪᠣᠯ ᠠᠷᠠᠳ ᠤᠯᠠᠨ ᠤ | ᠠᠮᠢᠳᠤᠷᠠᠯ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠤᠴᠢᠷ ᠠᠴᠠ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠤᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠣᠶᠢᠯᠠᠭᠠᠵᠤ᠂ | ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠤ ᠠᠵᠢᠯ ᠬᠥᠳᠡᠯᠮᠦᠷᠢ ᠬᠢᠬᠦ ᠬᠡᠷᠡᠭᠴᠡᠭᠡ | ᠱᠠᠭᠠᠷᠳᠠᠯᠭ᠎ᠠ ᠳᠤ ᠴᠢᠭᠯᠡᠭᠦᠯᠦᠨ ᠴᠠᠭ ᠵᠥᠷᠢᠭᠦᠯᠦᠨ ᠠᠬᠢᠭᠤᠯᠵᠤ᠂ ᠬᠦᠴᠦ ᠪᠠᠨ ᠬᠠᠮᠲᠤᠳᠬᠠᠨ ᠪᠠᠷᠢᠯᠭ᠎ᠠ ᠶᠢᠨ | ᠬᠤᠭᠤᠴᠠᠭ᠎ᠠ ᠶᠢ ᠲᠤᠬᠢᠷᠠᠭᠤᠯᠤᠨ᠂ ᠵᠡᠭᠡᠯᠢ ᠭᠤᠳᠤᠮᠵᠢ ᠵᠢᠴᠢ ᠰᠤᠮᠤ ᠭᠠᠴᠠᠭᠠᠨ ᠤ ᠺᠠᠳ᠋ᠷᠴᠤᠳ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ | ᠳᠡᠭᠡᠭᠰᠢᠯᠡᠭᠦᠯᠦᠨ᠂ ᠣᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠲᠤᠬᠠᠢ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ | ᠢᠨᠵᠧᠨᠧᠷᠢᠩ ᠢ ᠲᠦᠯᠬᠢᠨ ᠠᠬᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠠᠷᠢᠯᠭ᠎ᠠ ᠶᠢᠨ | ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠠᠷᠢᠯᠭ᠎ᠠ ᠶᠢᠨ ᠠᠮᠤᠷ ᠲᠦᠪᠰᠢᠨ ᠢ ᠦᠨᠡᠨᠬᠦ | ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠭᠡᠭᠦ ᠴᠢᠬᠤᠯᠠᠳᠠᠢ | ᠭᠡᠪᠡ᠃ | | ᠦᠨᠳᠦᠷ ᠬᠤᠷᠳᠤᠴᠠᠲᠤ ᠲᠡᠮᠦᠷ ᠵᠠᠮ ᠤᠨ ᠦᠷᠳᠡᠭᠡ ᠶᠢᠨ ︽ᠳᠤᠯᠠᠭᠠᠨ ᠪ᠊ ᠢᠨᠵᠧᠨᠧᠷᠢᠩ︾ ᠤᠨ ᠪᠠᠷᠢᠯᠭ᠎ᠠ ᠶᠢᠨ | ᠲᠤᠬᠠᠢ ᠶᠢᠨ ᠲᠠᠯᠠᠪᠠᠢ ᠳᠤ᠂ ᠯᠢ ᠶᠢᠩ ᠹᠧᠩᠵᠧᠨ ᠤ ᠬᠤᠶᠢᠲᠤ ᠦᠷᠳᠡᠭᠡ ᠶᠢᠨ ᠦᠷᠳᠡᠭᠡ ᠵᠢᠴᠢ ᠢᠵᠢ ᠪᠦᠷᠢᠳᠦᠭᠰᠡᠨ | ᠪᠠᠷᠢᠯᠭ᠎ᠠ ᠶᠢᠨ ᠪᠠᠷᠢᠯᠭ᠎ᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠨᠠᠷᠢᠨ ᠤᠶᠢᠯᠠᠭᠠᠬᠤ ᠶᠢᠨ ᠬᠠᠮᠳᠤ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ | ᠶᠠᠪᠤᠳᠠᠯ ᠪᠦᠬᠦᠨ ᠳᠤ ᠠᠳᠬᠤᠬᠤ ᠬᠥᠮᠥᠨ ᠲᠠᠢ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠤᠨ᠂ ᠱᠠᠲᠤ ᠬᠤᠪᠢᠶᠠᠨ | ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠳᠣᠲᠣᠭᠠᠳᠤ ᠭᠠᠳᠠᠭᠠᠳᠤ ᠶᠢᠨ ᠬᠠᠷᠢᠯᠴᠠᠭ᠎ᠠ | ᠨᠡᠪᠲᠡᠷᠡᠯᠴᠡᠭᠡ ᠪᠠᠨ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ | ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠥᠷᠲᠡᠭᠡᠨ ᠤ ᠭᠡᠷ | ᠪᠠᠶᠢᠰᠢᠩ ᠪᠣᠯᠣᠨ ᠡᠷᠬᠢᠨ ᠲᠣᠭᠤᠷᠢᠨ ᠤ ᠵᠠᠮ ᠤᠨ ᠪᠦᠲᠦᠭᠡᠨ ᠪᠠᠶᠢᠭᠤᠯᠤᠯᠲᠠ ᠵᠢᠴᠢ ᠪᠤᠰᠤᠳ ᠢᠵᠢ ᠪᠦᠷᠢᠳᠦᠭᠦᠯᠬᠦ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠷᠭᠡᠳᠬᠡᠵᠦ᠂ ᠪᠠᠷᠢᠯᠭ᠎ᠠ ᠶᠢᠨ ᠨᠢᠭᠡᠴᠡ ᠨᠢ | ᠬᠠᠷᠠᠯᠲᠠ ᠶᠢᠨ ᠪᠠᠷᠢᠯᠭ᠎ᠠ ᠶᠢᠨ ᠬᠤᠭᠤᠴᠠᠭ᠎ᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ | ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ︽ᠪᠠᠷᠢᠯᠭ᠎ᠠ ᠶᠢᠨ | ᠬᠤᠭᠤᠴᠠᠭ᠎ᠠ᠂ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ︾ ᠶᠢ ᠰᠤᠯᠠᠷᠠᠭᠤᠯᠤᠯ | ᠦᠭᠡᠢ ᠴᠢᠩᠭ᠎ᠠ ᠠᠳᠬᠤᠵᠤ᠂ ᠬᠠᠮᠤᠭ ᠤᠨ ᠰᠠᠶᠢᠨ ᠳᠦᠷᠢ ᠲᠥᠷᠬᠦ᠂ ᠬᠠᠮᠤᠭ ᠤᠨ ᠰᠢᠯᠢᠳᠡᠭ ᠪᠠᠲᠤᠯᠠᠭ᠎ᠠ ᠪᠠᠷ | ᠹᠧᠩᠵᠧᠨ ᠤ ᠦᠨᠳᠦᠷ ᠬᠤᠷᠳᠤᠴᠠᠲᠤ ᠲᠡᠮᠦᠷ ᠵᠠᠮ ᠤᠨ ᠲᠠᠷᠠᠭᠠᠴᠢ ᠶᠢᠨ ᠠᠯᠬᠤᠮ ᠤᠨ ᠬᠤᠯᠪᠤᠭᠠᠯᠠᠨ ᠲᠣᠬᠢᠷᠠᠭᠤᠯᠵᠤ | ᠬᠤᠯᠪᠤᠭᠠᠯᠠᠨ ᠲᠤᠷᠰᠢᠬᠤ ᠠᠵᠢᠯ ᠢ ᠤᠭᠲᠤᠬᠤ ᠬᠡᠷᠡᠭᠲᠡᠢ ᠬᠡᠪᠡ᠃ | | ᠵᠣᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |