| 9 ᠰᠠᠷ᠎ᠠ ᠶᠢᠨ 10 ᠤ ᠡᠳᠦᠷ᠂ ᠮᠠᠨ ᠤ ᠬᠤᠲᠠ ᠶᠢᠨ ᠬᠢᠨ ᠯᠦᠩ ᠱᠧᠩ ᠵᠤᠸᠠᠩ ᠪᠠᠯᠭᠠᠰᠤᠨ ᠳᠤ 2024 ᠣᠨ ᠤ | ᠰᠣᠶᠣᠯ ᠰᠢᠨᠵᠢᠯᠡᠭᠡ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠳᠤ ᠪᠠᠭᠤᠯᠭᠠᠬᠤ︾ ᠵᠢᠴᠢ ᠵᠠᠩ | ᠳᠠᠳᠬᠠᠯ ᠢ ᠥᠭᠡᠷᠡᠴᠢᠯᠡᠬᠦ ᠲᠥᠪᠯᠡᠷᠡᠩᠭᠦᠢ ᠵᠢᠱᠢᠶ᠎ᠡ ᠦᠵᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠬᠤᠲᠠ ᠶᠢᠨ ᠤᠳᠤᠷᠢᠳᠤᠯᠭ᠎ᠠ ᠾᠧᠦ ᠴᠧᠨ ᠭᠤᠸᠠᠩ ᠪᠤᠯᠤᠨ ᠵᠣᠣ ᠲᠤᠸᠠᠨ ᠢ ᠨᠠᠷ ᠠᠵᠢᠯᠯᠠᠭ᠎ᠠ ᠳᠤ ᠤᠷᠤᠯᠴᠠᠪᠠ᠃ | | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ | ᠪᠦᠬᠦᠢ ᠬᠠᠷᠢᠭᠤᠴᠠᠯᠭᠠᠲᠠᠨ ᠠᠵᠢᠯ ᠤᠨ ᠳᠠᠶᠢᠴᠢᠯᠠᠯᠲᠠ ᠬᠢᠪᠡ︔ ᠡᠮᠴᠢ ᠰᠤᠪᠢᠯᠠᠭᠴᠢᠳ ᠲᠣᠰᠬᠤᠨ ᠤ ᠠᠷᠠᠳ ᠲᠤ | ᠰᠦᠢᠳᠬᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠵᠥᠪᠯᠡᠯᠭᠡ ᠥᠭᠬᠦ ᠪᠠ ᠪᠡᠶ᠎ᠡ ᠶᠢᠨ ᠪᠠᠶᠢᠴᠠᠭᠠᠯᠲᠠ ᠶᠢᠨ | ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠲᠠᠳ ᠬᠢᠯᠪᠠᠷ ᠣᠶᠢᠯᠠᠭᠠᠮᠵᠢᠲᠠᠢ | ᠠᠷᠭ᠎ᠠ ᠬᠡᠯᠪᠡᠷᠢ ᠪᠠᠷ ᠰᠢᠨᠵᠢᠯᠡᠭᠡ ᠮᠡᠷᠭᠡᠵᠢᠯ ᠤᠨ ᠮᠡᠳᠡᠯᠭᠡ ᠶᠢ ᠤᠯᠠᠮᠵᠢᠯᠠᠵᠤ᠂ ᠲᠣᠰᠬᠤᠨ ᠤ ᠠᠷᠠᠳ ᠤᠨ ᠰᠢᠨᠵᠢᠯᠡᠬᠦ | ᠤᠬᠠᠭᠠᠨ ᠤ ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ︔ | ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠪᠠᠭᠰᠢ ᠨᠠᠷ ᠲᠣᠰᠬᠤᠨ ᠤ ᠠᠷᠠᠳ ᠲᠤ ᠵᠢᠷᠦᠬᠡ ᠠᠭᠤᠰᠬᠢ ᠶᠢ | ᠰᠡᠷᠭᠦᠭᠡᠬᠦ ᠦᠨᠳᠦᠰᠦᠨ ᠠᠵᠢᠯᠯᠠᠭ᠎ᠠ ᠶᠢ ᠲᠠᠶᠢᠯᠪᠤᠷᠢᠯᠠᠨ ᠥᠭᠴᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ | ᠲᠣᠰᠬᠤᠨ ᠤ ᠠᠷᠠᠳ ᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠪᠡ︔ ᠬᠤᠲᠠ ᠶᠢᠨ | ᠤᠯᠠᠭᠠᠨᠮᠥ᠋ᠴᠢᠷ ᠤᠨ ᠭᠡᠰᠢᠭᠦᠳ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠦᠨᠳᠦᠰᠦᠨ ᠱᠠᠲᠤᠨ ᠤ | ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ︔ ᠡᠭᠦᠨ ᠠᠴᠠ ᠭᠠᠳᠠᠨ᠎ᠠ᠂ ᠵᠠᠩ | ᠳᠠᠳᠬᠠᠯ ᠢ ᠥᠭᠡᠷᠡᠴᠢᠯᠡᠬᠦ ᠭᠤᠣᠯ ᠰᠡᠳᠦᠪᠲᠦ ᠦᠵᠡᠭᠦᠯᠦᠯᠭᠡ ᠶᠢ ᠴᠦ ᠦᠢ ᠣᠯᠠᠨ ᠲᠣᠰᠬᠤᠨ ᠤ ᠠᠷᠠᠳ ᠤᠨ ᠠᠩᠬᠠᠷᠤᠯ ᠢ | ᠲᠠᠲᠠᠵᠤ᠂ ᠦᠵᠡᠰᠬᠦᠯᠡᠩ ᠨᠢ ᠵᠢᠷᠤᠭ ᠪᠢᠴᠢᠭ ᠢ ᠬᠤᠣᠰᠯᠠᠭᠤᠯᠤᠭᠰᠠᠨ ᠬᠡᠯᠪᠡᠷᠢ ᠪᠠᠷ ᠲᠣᠰᠬᠤᠨ ᠤ ᠠᠷᠠᠳ ᠲᠤ ᠪᠣᠯᠪᠠᠰᠤᠨ | ᠰᠢᠨ᠎ᠡ ᠰᠤᠷᠲᠠᠯ ᠤᠨ ᠭᠤᠣᠯ ᠠᠭᠤᠯᠭ᠎ᠠ ᠶᠢ ᠳᠡᠯᠭᠡᠨ ᠦᠵᠡᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠢ | ᠬᠥᠮᠥᠵᠢᠭᠦᠯᠦᠨ ᠵᠢᠯᠤᠭᠤᠳᠴᠤ ᠪᠠᠶᠢᠭᠠᠳ ᠮᠠᠭᠤ ᠳᠠᠳᠬᠠᠯ ᠢ ᠨᠢ ᠠᠷᠢᠯᠭᠠᠵᠤ᠂ ᠨᠡᠶᠢᠭᠡᠮ ᠤᠨ ᠰᠢᠨ᠎ᠡ ᠬᠡᠪ ᠰᠤᠷᠲᠠᠯ ᠢ ᠪᠣᠶ | ᠪᠤᠯᠭᠠᠪᠠ᠃ | | | | ᠵᠣᠬᠢᠶᠠᠭᠴᠢ᠄ ᠵᠠᠩ ᠿᠢ ᠵᠢᠤᠸᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |