ᠵᠠᠮ ᠪᠢᠲᠡᠭᠦᠮᠵᠢᠯᠡᠬᠦ ᠵᠠᠷ
ᠨᠡᠶᠢᠲᠡᠯᠡᠭᠰᠡᠨ ᠴᠠᠭ᠄
2024/9/27
ᠥᠷᠭᠡᠨ ᠣᠯᠠᠨ ᠰᠠᠭᠤᠭᠠᠯᠢ ᠠᠷᠠᠳ ᠵᠢᠴᠢ ᠬᠠᠮᠢᠶ᠎ᠠ ᠪᠦᠬᠦᠢ ᠨᠢᠭᠡᠴᠡ ᠳᠤ᠄    ᠮᠠᠨ ᠤ ᠬᠤᠲᠠ ᠶᠢᠨ ᠬᠤᠳᠠ ᠲᠣᠭᠤᠷᠢᠭ ᠤᠨ ᠵᠠᠮ ᠪᠠ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠬᠤ ᠶᠢᠨ ᠲᠤᠰᠠᠳᠠ᠂ ᠬᠡᠰᠡᠭ ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ  ᠪᠠᠷ ᠪᠤᠢ᠂ ᠪᠣᠳᠠᠲᠠᠢ ᠪᠠᠶᠢᠳᠠᠯ ᠨᠢ ᠳᠣᠣᠷᠠᠬᠢ ᠮᠡᠲᠦ᠄    2024 ᠣᠨ ᠤ 9 ᠰᠠᠷ᠎ᠠ ᠶᠢᠨ 23 ᠤ ᠡᠳᠦᠷ ᠠᠴᠠ 10 ᠰᠠᠷ᠎ᠠ ᠶᠢᠨ 31 ᠤ ᠡᠳᠦᠷ ᠪᠣᠯᠲᠠᠯ᠎ᠠ᠂ ᠡᠮᠦᠨ᠎ᠡ ᠬᠥᠭᠦᠷᠭᠡ ᠶᠢᠨ ᠠᠭᠤᠶᠢᠳᠤ ᠵᠠᠮ ᠵᠢᠴᠢ ᠡᠮᠦᠨ᠎ᠡ ᠲᠠᠯ᠎ᠠ ᠶᠢᠨ ᠲᠣᠨᠣᠯᠵᠢᠨ ᠵᠠᠮ ᠤᠨ ᠠᠭᠤᠯᠵᠠᠷ ᠤᠨ ᠬᠡᠪᠴᠢᠶᠡᠨ ᠳᠤ ᠬᠠᠭᠠᠰ ᠬᠤᠭᠤᠴᠠᠭ᠎ᠠ ᠪᠠᠷ ᠡᠭᠡᠯᠵᠢᠯᠡᠨ ᠪᠢᠲᠡᠭᠦᠮᠵᠢᠯᠡᠬᠦ ᠪᠠᠷ ᠲᠣᠭᠲᠠᠪᠠ᠃    ᠨᠠᠰᠢ ᠴᠠᠰᠢ ᠥᠩᠭᠡᠷᠡᠬᠦ ᠥᠷᠭᠡᠨ ᠤᠯᠠᠨ ᠲᠡᠷᠭᠡ ᠬᠥᠰᠬᠡ ᠪᠣᠯᠣᠨ ᠤᠯᠠᠨ ᠲᠦᠮᠡᠨ ᠪᠠᠷᠢᠯᠭ᠎ᠠ ᠪᠠᠷᠢᠬᠤ ᠬᠤᠭᠤᠴᠠᠭᠠᠨ ᠳᠤ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠤᠬᠠᠢ ᠶᠢᠨ ᠭᠠᠵᠠᠷ ᠤᠨ ᠵᠠᠮ ᠬᠠᠷᠢᠯᠴᠠᠭᠠᠨ ᠤ ᠴᠠᠭᠳᠠᠭ᠎ᠠ ᠪᠣᠯᠣᠨ ᠬᠠᠮᠵᠢᠨ ᠬᠠᠮᠢᠶᠠᠷᠤᠭᠴᠢ ᠶᠢᠨ ᠵᠢᠯᠣᠭᠤᠳᠤᠯᠭ᠎ᠠ ᠶᠢ ᠳᠠᠭᠠᠬᠤ ᠶᠢᠨ ᠬᠠᠮᠲᠤ ᠪᠠᠷᠢᠯᠭ᠎ᠠ ᠪᠠᠷᠢᠬᠤ ᠵᠠᠷᠯᠠᠯ ᠤᠨ ᠫᠠᠶᠢᠰᠠ ᠪᠣᠯᠣᠨ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ ᠤᠨ ᠵᠢᠭᠠᠪᠤᠷᠢ ᠪᠠᠷ ᠶᠠᠪᠤᠭᠠᠷᠠᠢ᠃    ᠡᠭᠦᠨ᠎ᠡ ᠣᠨᠴᠠᠭᠠᠶᠢᠯᠠᠨ ᠵᠠᠷᠯᠠᠪᠠ                  ᠹᠧᠩᠵᠧᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ                  ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ                             2024 ᠣᠨ ᠤ 9 ᠰᠠᠷ᠎ᠠ ᠶᠢᠨ 20 ᠤ ᠡᠳᠦᠷ           ᠤᠷᠴᠢᠭᠤᠯᠤᠭᠴᠢ᠄ ᠬᠠᠨ ᠰᠢᠶᠤᠤ ᠿᠦᠩ           ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3