| ᠭᠠᠵᠠᠷ ᠰᠢᠷᠤᠢ ᠶᠢᠨ ᠵᠤᠵᠠᠭᠠᠨ ᠨᠢᠮᠭᠡᠨ᠂ ᠬᠦᠴᠦ ᠰᠢᠮ᠎ᠡ ᠶᠢᠨ ᠶᠡᠭᠡ ᠪᠠᠭ᠎ᠠ ᠶᠢ ᠦᠨᠳᠦᠰᠦᠯᠡᠨ᠂ ᠲᠤᠰ ᠭᠠᠵᠠᠷ | ᠣᠷᠣᠨ ᠳᠠᠭᠠᠨ ᠲᠣᠬᠢᠷᠠᠭᠰᠠᠨ ᠰᠠᠶᠢᠨ ᠡᠭᠦᠯᠳᠡᠷ ᠢ ᠰᠣᠩᠭᠤᠬᠤ ᠬᠡᠷᠡᠭᠲᠡᠢ᠃ | ᠨᠢᠭᠡ᠂ ᠦᠷᠡᠵᠢᠯ ᠤᠨ ᠬᠤᠭᠤᠴᠠᠭ᠎ᠠ ᠶᠢ ᠦᠨᠳᠦᠰᠦᠯᠡᠨ ᠰᠣᠩᠭᠤᠬᠤ ᠬᠡᠷᠡᠭᠲᠡᠢ᠃ 1. ᠡᠷᠲᠡ ᠪᠣᠯᠪᠠᠰᠤᠷᠠᠬᠤ | ᠡᠭᠦᠯᠳᠡᠷ᠃ ᠦᠷᠡᠵᠢᠯ ᠤᠨ ᠬᠤᠭᠤᠴᠠᠭ᠎ᠠ ᠨᠢ ᠬᠠᠪᠤᠷ ᠤᠨ ᠲᠠᠷᠢᠶᠠᠯᠠᠭ᠎ᠠ 85-100 ᠡᠳᠦᠷ᠂ ᠵᠤᠨ ᠤ ᠲᠠᠷᠢᠶᠠᠯᠠᠭ᠎ᠠ | 70-85 ᠡᠳᠦᠷ᠂ ᠤᠷᠭᠤᠮᠠᠯ ᠤᠨ ᠡᠰᠢ ᠨᠢ ᠪᠣᠭᠤᠨᠢ᠂ ᠨᠠᠪᠴᠢᠨ ᠤ ᠢᠯᠲᠠᠰᠤ ᠨᠢ ᠴᠥᠭᠡᠨ 14-18 ᠬᠡᠰᠡᠭ᠂ | ᠮᠥᠬᠦᠯᠢᠭ ᠨᠢ ᠪᠠᠭ᠎ᠠ᠂ ᠮᠢᠩᠭᠠᠨ ᠮᠥᠬᠦᠯᠢᠭ ᠪᠦᠷᠢ ᠶᠢᠨ ᠬᠦᠨᠳᠦ ᠨᠢ ᠪᠠᠷᠤᠭ 150-250 ᠭᠷᠡᠮ ᠪᠠᠶᠢᠳᠠᠭ᠃ 2. | ᠳᠤᠮᠳᠠ ᠵᠡᠷᠭᠡ ᠪᠣᠯᠪᠠᠰᠤᠷᠠᠬᠤ ᠡᠭᠦᠯᠳᠡᠷ᠃ ᠦᠷᠡᠵᠢᠯ ᠤᠨ ᠬᠤᠭᠤᠴᠠᠭ᠎ᠠ ᠨᠢ ᠬᠠᠪᠤᠷ ᠤᠨ ᠲᠠᠷᠢᠶᠠᠯᠠᠭ᠎ᠠ 100-120 | ᠡᠳᠦᠷ᠂ ᠵᠤᠨ ᠤ ᠲᠠᠷᠢᠶᠠᠯᠠᠭ᠎ᠠ 85-95 ᠡᠳᠦᠷ᠂ ᠨᠠᠪᠴᠢᠨ ᠤ ᠢᠯᠲᠠᠰᠤ ᠶᠢᠨ ᠲᠤᠭ᠎ᠠ ᠨᠢ 16-20 ᠬᠡᠰᠡᠭ᠂ | ᠮᠢᠩᠭᠠᠨ ᠮᠥᠬᠦᠯᠢᠭ ᠪᠦᠷᠢ ᠶᠢᠨ ᠬᠦᠨᠳᠦ ᠨᠢ ᠪᠠᠷᠤᠭ 250-300 ᠭᠷᠡᠮ ᠪᠠᠶᠢᠳᠠᠭ᠃ 3. ᠣᠷᠣᠢ ᠪᠣᠯᠪᠠᠰᠤᠷᠠᠬᠤ | ᠡᠭᠦᠯᠳᠡᠷ᠃ ᠦᠷᠡᠵᠢᠯ ᠤᠨ ᠬᠤᠭᠤᠴᠠᠭ᠎ᠠ ᠨᠢ ᠬᠠᠪᠤᠷ ᠤᠨ ᠲᠠᠷᠢᠶᠠᠯᠠᠭ᠎ᠠ 120-150 ᠡᠳᠦᠷ᠂ ᠵᠤᠨ ᠤ | ᠲᠠᠷᠢᠶᠠᠯᠠᠭ᠎ᠠ 96 ᠡᠳᠦᠷ ᠠᠴᠠ ᠳᠡᠭᠡᠭᠰᠢ ᠪᠠᠶᠢᠵᠤ᠂ ᠤᠷᠭᠤᠮᠠᠯ ᠤᠨ ᠡᠰᠢ ᠨᠢ ᠥᠨᠳᠥᠷ ᠶᠡᠭᠡ᠂ ᠨᠠᠪᠴᠢᠨ ᠤ | ᠢᠯᠲᠠᠰᠤ ᠨᠢ ᠨᠡᠯᠢᠶᠡᠳ ᠠᠷᠪᠢᠨ 21-25 ᠬᠡᠰᠡᠭ᠂ ᠮᠥᠬᠦᠯᠢᠭ ᠨᠢ ᠶᠡᠭᠡ᠂ ᠮᠢᠩᠭᠠᠨ ᠮᠥᠬᠦᠯᠢᠭ ᠪᠦᠷᠢ ᠶᠢᠨ | ᠬᠦᠨᠳᠦ ᠨᠢ ᠪᠠᠷᠤᠭ 300 ᠭᠷᠡᠮ ᠠᠴᠠ ᠳᠡᠭᠡᠭᠰᠢ ᠪᠠᠶᠢᠳᠠᠭ᠃ | ᠬᠤᠶᠠᠷ᠂ ᠤᠷᠭᠤᠮᠠᠯ ᠤᠨ ᠡᠰᠢ ᠶᠢᠨ ᠬᠡᠯᠪᠡᠷᠢ ᠳᠦᠷᠰᠦ ᠪᠠᠷ ᠨᠢ ᠰᠣᠩᠭᠤᠬᠤ ᠬᠡᠷᠡᠭᠲᠡᠢ᠃ 1. ᠠᠪᠴᠠᠯᠳᠤᠩᠭᠤᠢ | ᠬᠡᠯᠪᠡᠷᠢ᠃ ᠨᠠᠪᠴᠢ ᠶᠢᠨ ᠡᠰᠢ ᠰᠦᠷᠡᠯ ᠳᠡᠭᠡᠷᠡᠬᠢ ᠣᠷᠣᠨ ᠵᠠᠢ ᠶᠢᠨ ᠲᠠᠷᠬᠠᠯᠲᠠ ᠨᠢ ᠢᠭ ᠬᠡᠯᠪᠡᠷᠢ ᠲᠠᠢ | ᠣᠶᠢᠷᠠᠯᠴᠠᠭ᠎ᠠ ᠪᠠᠶᠢᠵᠤ᠂ ᠨᠠᠪᠴᠢᠨ ᠤ ᠢᠯᠲᠠᠰᠤ ᠨᠢ ᠳᠡᠭᠡᠭᠰᠢ ᠡᠷᠭᠦᠵᠦ᠂ ᠤᠷᠭᠤᠮᠠᠯ ᠤᠨ ᠡᠰᠢ ᠨᠢ ᠬᠤᠷᠠᠨ | ᠠᠪᠴᠢᠵᠤ᠂ ᠭᠡᠷᠡᠯ ᠭᠥᠷᠳᠡᠬᠦ ᠪᠠᠶᠢᠳᠠᠯ ᠨᠢ ᠰᠠᠶᠢᠨ᠂ ᠨᠢᠭᠲᠠ ᠳᠠᠷᠢᠬᠤ ᠳᠤ ᠲᠣᠬᠢᠷᠠᠮᠵᠢᠲᠠᠢ ᠪᠠᠶᠢᠳᠠᠭ᠃ 2. | ᠳᠡᠯᠭᠡᠮᠡᠯ ᠬᠡᠯᠪᠡᠷᠢ᠃ ᠨᠢᠭᠲᠠ ᠲᠠᠷᠢᠬᠤ ᠳᠤ ᠲᠣᠬᠢᠷᠠᠮᠵᠢ ᠦᠭᠡᠢ᠂ ᠲᠦᠷᠦᠭᠦᠦ ᠶᠢᠨ ᠳᠡᠭᠡᠷ᠎ᠡ ᠡᠰᠢ ᠨᠠᠪᠴᠢ ᠶᠢᠨ | ᠬᠠᠪᠴᠢᠭᠰᠠᠨ ᠥᠨᠴᠥᠭ 35° ᠠᠴᠠ ᠳᠡᠭᠡᠭᠰᠢ᠂ ᠲᠦᠷᠦᠭᠦᠦ ᠶᠢᠨ ᠳᠣᠣᠷ᠎ᠠ ᠡᠰᠢ ᠨᠠᠪᠴᠢ ᠶᠢᠨ ᠬᠠᠪᠴᠢᠭᠰᠠᠨ | ᠥᠨᠴᠥᠭ 50° ᠠᠴᠠ ᠳᠡᠭᠡᠭᠰᠢ ᠪᠠᠶᠢᠳᠠᠭ᠃ 3. ᠬᠠᠭᠠᠰ ᠠᠪᠴᠠᠯᠳᠤᠩᠭᠤᠢ ᠬᠡᠯᠪᠡᠷᠢ᠃ ᠳᠡᠭᠡᠷᠡᠬᠢ ᠬᠤᠶᠠᠷ | ᠲᠥᠷᠥᠯ ᠤᠨ ᠵᠠᠪᠰᠠᠷ ᠤᠨ ᠬᠡᠯᠪᠡᠷᠢ ᠪᠣᠯᠣᠨ᠎ᠠ᠃ | | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ |