| ᠬᠦᠨᠳᠦᠲᠦ ᠰᠠᠭᠤᠭᠠᠯᠢ ᠠᠷᠠᠳ ᠨᠠᠶᠢᠵᠠ ᠨᠠᠷ ᠡ᠄ | ᠵᠢᠩ ᠳ᠋ᠢᠩ ᠪᠠᠭᠤᠳᠠᠯ ᠠᠴᠠ ᠵᠢᠦ ᠹᠦ᠋ ᠰᠤᠯᠤᠩᠭᠠᠳᠤ ᠬᠦᠬᠦᠷᠭᠡ ᠬᠦᠷᠬᠦ ᠲᠦᠭᠡᠭᠡᠯ ᠤᠰᠤᠨ ᠤ ᠬᠤᠭᠤᠯᠠᠢ ᠪᠣᠯ | ᠬᠤᠲᠠ ᠶᠢᠨ ᠳᠣᠲᠣᠷᠠᠬᠢ ᠤᠰᠤ ᠬᠠᠩᠭᠠᠬᠤ ᠮᠠᠰᠢ ᠴᠢᠬᠤᠯᠠ ᠭᠤᠣᠯ ᠵᠠᠮ ᠤᠨ ᠨᠢᠭᠡ ᠪᠣᠯᠣᠨ᠎ᠠ᠃ ᠣᠶᠢᠷ᠎ᠠ ᠳᠤ᠂ | ᠮᠠᠨ ᠤ ᠺᠣᠮᠫᠠᠨᠢ ᠶᠢᠨ ᠬᠢᠨ ᠲᠤᠰ ᠳᠠᠮᠵᠢᠭᠤᠯᠬᠤ ᠬᠤᠭᠤᠯᠠᠢ ᠳᠤ ᠠᠶᠤᠯᠭᠦᠢ ᠶᠢᠨ ᠪᠠᠶᠢᠴᠠᠭᠠᠯᠲᠠ ᠬᠢᠭᠡᠳ | ᠳᠠᠮᠵᠢᠭᠤᠯᠬᠤ ᠬᠤᠭᠤᠯᠠᠢ ᠳᠤ ᠤᠯᠠᠨ ᠭᠠᠵᠠᠷ ᠬᠡᠪ ᠤᠨ ᠪᠤᠰᠤ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ | ᠮᠥᠷᠲᠡᠭᠡᠨ ᠲᠣᠰ ᠳᠠᠮᠵᠢᠭᠤᠯᠬᠤ ᠬᠤᠭᠤᠯᠠᠢ ᠶᠢᠨ ᠬᠡᠷᠡᠭᠯᠡᠬᠦ ᠵᠢᠯ ᠬᠤᠭᠤᠴᠠᠭ᠎ᠠ ᠨᠢ ᠨᠢᠭᠡᠨᠲᠡ ᠳᠡᠭᠡᠳᠦ ᠬᠢᠵᠠᠭᠠᠷ ᠲᠤ | ᠭᠦᠷᠦᠭᠰᠡᠨ ᠪᠣᠯᠪᠠᠴᠤ ᠳᠡᠯᠪᠡᠷᠡᠯᠲᠡ ᠠᠴᠠ ᠪᠣᠯᠵᠤ ᠪᠥᠬᠦ ᠬᠤᠲᠠ ᠳᠤ ᠶᠡᠭᠡ ᠬᠡᠪᠴᠢᠶ᠎ᠡ ᠪᠠᠷ ᠤᠰᠤ ᠵᠣᠭᠰᠣᠬᠤ | ᠪᠣᠯᠬᠤᠷ ᠣᠬᠤᠷᠬᠠᠨ ᠬᠤᠭᠤᠴᠠᠭᠠᠨ ᠳᠤ ᠵᠠᠰᠠᠵᠤ ᠰᠡᠯᠪᠢᠬᠦ ᠶᠢᠨ ᠠᠷᠭ᠎ᠠ ᠦᠭᠡᠢ ᠪᠠᠶᠢᠨ᠎ᠠ᠃ | ᠪᠦᠬᠦ ᠬᠤᠳᠠ ᠶᠢᠨ ᠠᠷᠠᠳ ᠲᠦᠮᠡᠨ ᠤ ᠬᠡᠪ ᠤᠨ ᠪᠠᠶᠢᠳᠠᠯ ᠢᠶᠠᠷ ᠤᠰᠤ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ | ᠤᠳᠤ ᠮᠠᠨ ᠤ ᠺᠣᠮᠫᠠᠨᠢ ᠶᠢᠨ ᠬᠢᠨ ᠲᠤᠰ ᠭᠤᠣᠯ ᠬᠠᠮᠢᠶᠠᠷᠤᠯᠲᠠ ᠶᠢᠨ ᠵᠠᠮ ᠢ ᠬᠡᠰᠡᠭ ᠬᠤᠪᠢᠶᠠᠨ ᠰᠡᠯᠪᠢᠨ ᠵᠠᠰᠠᠵᠤ | ᠰᠤᠯᠢᠨ ᠥᠭᠡᠷᠡᠴᠢᠯᠡᠵᠦ᠂ 9 ᠰᠠᠷ᠎ᠠ ᠶᠢᠨ 3 ᠤ ᠡᠳᠦᠷ ᠠᠴᠠ 10 ᠰᠠᠷ᠎ᠠ ᠶᠢᠨ ᠳᠤᠮᠳᠠᠴᠢ ᠪᠣᠯᠲᠠᠯ᠎ᠠ ᠤᠰᠤᠨ | ᠬᠤᠭᠤᠯᠠᠢ ᠶᠢ ᠰᠤᠯᠢᠵᠤ ᠥᠭᠡᠷᠡᠴᠢᠯᠡᠬᠦ ᠠᠵᠢᠯ ᠢ ᠳᠠᠭᠤᠰᠬᠠᠨ᠎ᠠ᠃ ᠤᠰᠤ ᠵᠣᠭᠰᠣᠬᠤ ᠪᠣᠳᠠᠲᠠᠢ ᠴᠠᠭ ᠢ | ᠣᠯᠠᠨ ᠢᠶᠠᠷ ᠢᠶᠠᠨ ᠲᠣᠰ ᠲᠣᠰ ᠤᠨ ᠰᠠᠭᠤᠭᠠᠯᠢ ᠲᠣᠭᠤᠷᠢᠭ ᠤᠨ ᠸᠢᠴᠠᠲ ᠤᠨ ᠪᠦᠯᠦᠭ ︵ᠰᠦᠯᠵᠢᠶᠡᠨ ᠤ ᠠᠵᠢᠯᠲᠠᠨ | ᠮᠡᠳᠡᠭᠳᠡᠨ᠎ᠡ︶ ᠪᠣᠯᠣᠨ ᠵᠢᠵᠢᠭ ᠲᠣᠭᠤᠷᠢᠭ ᠤᠨ ᠡᠭᠦᠳᠡᠨ ᠳᠤ ᠨᠠᠭᠠᠭᠰᠠᠨ ᠮᠡᠳᠡᠭᠳᠡᠯ ᠢ ᠠᠩᠬᠠᠷᠴᠤ᠂ ᠥᠷᠭᠡᠨ ᠣᠯᠠᠨ | ᠰᠠᠭᠤᠭᠠᠯᠢ ᠠᠷᠠᠳ ᠮᠡᠳᠡᠭᠳᠡᠯ ᠢ ᠣᠯᠣᠭᠰᠠᠨ ᠪᠤᠶᠤ ᠣᠯᠵᠤ ᠦᠵᠡᠭᠰᠡᠨ ᠤ ᠳᠠᠷᠠᠭ᠎ᠠ ᠭᠦᠢᠴᠡᠳ ᠬᠡᠮᠵᠢᠶᠡᠨ ᠤ | ᠲᠦᠭᠡᠭᠡᠯ ᠤᠰᠤ ᠪᠠᠨ ᠤᠷᠢᠳᠴᠢᠯᠠᠨ ᠨᠥᠭᠡᠴᠡᠯᠡᠵᠦ᠂ ᠤᠰᠤ ᠵᠣᠭᠰᠣᠬᠤ ᠬᠤᠭᠤᠴᠠᠭᠠᠨ ᠳᠠᠬᠢ ᠠᠮᠢᠳᠤᠷᠠᠯ ᠪᠠ ᠤᠰᠤ | ᠬᠡᠷᠡᠭᠯᠡᠬᠦ ᠲᠣᠬᠢᠷᠠᠭᠤᠯᠤᠯᠲᠠ ᠪᠠᠨ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ᠃ ᠡᠨᠡ ᠬᠤᠭᠤᠴᠠᠭᠠᠨ ᠳᠤ ᠰᠠᠭᠤᠭᠠᠯᠢ | ᠠᠷᠠᠳ ᠤᠨ ᠠᠮᠢᠳᠤᠷᠠᠯ ᠳᠤ ᠰᠠᠭᠠᠳ ᠤᠴᠠᠷᠠᠭᠤᠯᠬᠤ ᠠᠴᠠ ᠥᠷᠭᠡᠨ ᠤᠯᠠᠨ ᠰᠠᠭᠤᠭᠠᠯᠢ ᠠᠷᠠᠳ ᠠᠭᠤᠴᠢᠯᠠᠬᠤ | ᠪᠣᠯᠪᠠᠤ︕ | | ᠹᠧᠩᠵᠧᠨ ᠬᠤᠲᠠ ᠶᠢᠨ ᠹᠧᠩ ᠲᠠᠢ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ | 2024 ᠣᠨ ᠤ 8 ᠰᠠᠷ᠎ᠠ ᠶᠢᠨ 30 ᠤ ᠡᠳᠦᠷ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |