ᠹᠧᠩᠵᠧᠨ ᠬᠤᠲᠠ ᠦᠷᠭᠦᠯᠵᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2024/9/5
  ᠨᠢᠭᠡ ᠳᠤ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠤᠨᠢᠨ ᠳᠡᠭᠡᠷ᠎ᠡ ᠨᠢ ᠥᠷᠨᠢᠭᠦᠯᠦᠨ᠎ᠡ᠃ ᠡᠨᠡ ᠵᠢᠯ᠂ 2024 ᠣᠨ ᠤ ︽ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ 2 ᠡᠳᠦᠷ ᠡᠷᠭᠢᠯᠡᠵᠦ᠂ ᠠᠵᠢᠯᠲᠠᠨ ᠡᠯᠰᠡᠬᠦ 41 ᠠᠵᠤ ᠠᠬᠤᠶᠢᠯᠠᠯ ᠣᠷᠣᠯᠴᠠᠵᠤ᠂ 1300 ᠭᠠᠷᠤᠶ ᠠᠵᠢᠯ ᠤᠨ ᠪᠠᠶᠢᠷᠢ ᠬᠠᠩᠭᠠᠵᠤ᠂ 1500 ᠭᠠᠷᠤᠶ ᠠᠵᠢᠯᠲᠠᠨ ᠲᠠᠯᠠᠪᠤᠷ ᠲᠤ ᠣᠷᠣᠵᠤ᠂ 4558 ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠳᠠᠭᠠᠭᠤᠯᠤᠨ ᠲᠣᠭᠤᠷᠢᠨ ᠦᠵᠡᠵᠦ᠂ 285 ᠬᠥᠮᠦᠨ ᠠᠩᠬ᠎ᠠ ᠠᠯᠬᠤᠮ ᠤᠨ ᠠᠵᠢᠯ ᠤᠯᠬᠤ ᠰᠠᠨᠠᠭ᠎ᠠ ᠲᠠᠢ ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ︵1 ᠰᠠᠭᠤᠷᠢ︶ ᠵᠢᠴᠢ ᠡᠳᠦᠷ ᠤᠨ ᠬᠦᠴᠦᠨ ᠤ ᠤᠯᠠᠭ᠎ᠠ ᠥᠷᠲᠡᠭᠡ ︵31 ᠰᠠᠭᠤᠷᠢ︶ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠣᠲᠣ ᠪᠣᠯᠲᠠᠯ᠎ᠠ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠵᠢᠴᠢ ᠡᠳᠦᠷ ᠤᠨ ᠬᠦᠴᠦᠨ ᠤ ᠤᠯᠠᠭ᠎ᠠ ᠥᠷᠲᠡᠭᠡ ᠨᠢᠭᠡᠨᠲᠡ ᠡᠯ᠎ᠡ ᠲᠥᠷᠥᠯ ᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ 42 ᠬᠤᠭᠤᠴᠠᠭ᠎ᠠ ᠨᠡᠶᠢᠲᠡᠯᠡᠵᠦ᠂ ᠡᠳᠦᠷ ᠳᠤᠮᠳᠠᠴᠢ ᠶᠢᠨ ᠡᠳᠦᠷ ᠤᠨ ᠬᠦᠴᠦᠨ ᠤ ᠬᠥᠮᠦᠰ ᠲᠤ 100 ᠬᠥᠮᠦᠨ ᠤᠳᠠᠭ᠎ᠠ ᠦᠢᠯᠡᠴᠢᠯᠡᠵᠦ ᠪᠠᠶᠢᠨ᠎ᠠ᠃    ᠬᠤᠶᠠᠷ ᠲᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠤᠯᠠᠭᠠᠨᠴᠠᠪ ᠬᠤᠲᠠ ᠶᠢᠨ ᠲᠦᠩ ᠰᠢᠨ ᠶᠤᠸᠠᠨ ᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ ᠳᠤ ᠨᠠᠶᠢᠳᠠᠵᠤ ᠡᠯᠧᠺᠲᠷᠣᠨ ᠬᠤᠳᠠᠯᠳᠤᠭᠠᠨ ᠤ ᠶᠠᠪᠤᠳᠠᠯ᠂ ᠺᠣᠮᠫᠢᠦ᠋ᠲ᠋ᠧᠷ᠂ ᠰᠠᠷ᠎ᠠ ᠶᠢᠨ ᠪᠡᠷᠭᠡᠨ᠂ ᠭᠠᠷ ᠤᠷᠠᠯᠠᠯ ᠤᠨ ᠨᠡᠬᠡᠮᠡᠯ ᠵᠡᠷᠭᠡ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠩᠭᠢ ᠡᠷᠭᠢᠯᠡᠪᠡ᠃ ᠡᠭᠦᠨ ᠤ ᠬᠠᠮᠲᠤ᠂ ᠤᠷ᠎ᠠ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠤᠯᠠᠭᠠᠨᠴᠠᠪ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠤᠷᠤᠯᠳᠤᠭᠠᠨ ᠳᠤ ᠣᠷᠣᠯᠴᠠᠭᠤᠯᠤᠨ᠎ᠠ᠂ ᠣᠳᠣᠬᠠᠨ ᠳᠤ᠂ ᠮᠠᠨ ᠤ ᠬᠤᠲᠠ ᠶᠢᠨ ᠰᠣᠩᠭᠤᠨ ᠳᠡᠪᠰᠢᠭᠦᠯᠦᠭᠰᠡᠨ 6 ᠲᠠᠮᠢᠷᠴᠢᠨ ᠳᠤᠮᠳᠠᠳᠤ ᠮᠠᠶ᠋ᠢᠭ ᠤᠨ ᠨᠢᠭᠤᠷ ᠤᠨ ᠴᠡᠭ ᠤᠨ ᠨᠢᠭᠡᠳᠦᠭᠡᠷ᠂ ᠭᠤᠷᠪᠠᠳᠤᠭᠠᠷ ᠲᠤ ᠣᠷᠣᠪᠠ︔ ᠭᠠᠩᠨᠠᠬᠤ ᠮᠡᠷᠭᠡᠵᠢᠯ ᠨᠢᠭᠡᠳᠦᠭᠡᠷ᠂ ᠬᠤᠶᠠᠳᠤᠭᠠᠷ ᠲᠤ ᠤᠷᠤᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠯ᠎ᠠ ᠪᠠᠷ ᠬᠤᠶᠠᠳᠤᠭᠠᠷ ᠲᠤ ᠤᠷᠤᠭᠰᠠᠨ ᠰᠠᠶᠢᠨ ᠬᠢᠷᠢ ᠪᠦᠲᠦᠮᠵᠢ ᠤᠯᠪᠠ᠃    ᠭᠤᠷᠪᠠ ᠳᠤ᠂ ᠠᠵᠢᠯ ᠣᠯᠭᠤᠯᠲᠠ ᠶᠢᠨ ᠳᠠᠭᠠᠳᠬᠠᠯ ᠤᠨ ᠲᠠᠷᠬᠠᠭᠠᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠠᠳᠬᠤᠨ᠎ᠠ᠃ ᠠᠵᠢᠯ ᠤᠯᠬᠤ ᠳᠤ ᠬᠦᠴᠢᠷᠲᠡᠶ ᠬᠥᠮᠦᠰ ᠲᠤ ᠠᠮᠢᠳᠤᠯᠢᠭ ᠠᠵᠢᠯ ᠣᠯᠭᠤᠯᠲᠠ ᠶᠢᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠮᠠᠭᠠᠳᠯᠠᠨ ᠲᠣᠭᠲᠠᠭᠠᠬᠤ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠭᠡᠷᠡᠴᠢᠯᠡᠬᠦ ᠪᠠ ᠣᠯᠭᠤᠬᠤ ᠶᠠᠪᠤᠴᠠ ᠶᠢ ᠰᠢᠯᠢᠳᠡᠭᠵᠢᠭᠦᠯᠵᠦ᠂ ᠨᠥᠬᠦᠪᠥᠷᠢ ᠶᠢ ᠲᠦᠷᠭᠡᠬᠡᠨ ᠪᠥᠭᠡᠳ ᠴᠠᠭ ᠲᠤᠬᠠᠶ ᠳᠤᠨᠢ ᠣᠯᠭᠤᠬᠤ ᠶᠢ ᠠᠬᠢᠭᠤᠯᠪᠠ᠃ ᠣᠲᠣ ᠪᠣᠯᠲᠠᠯ᠎ᠠ᠂ ᠠᠵᠢᠯ ᠤᠯᠬᠤ ᠳᠤ ᠬᠦᠴᠢᠷᠲᠡᠶ 558 ᠬᠥᠮᠦᠨ ᠢ ᠮᠠᠭᠠᠳᠯᠠᠨ ᠲᠣᠭᠲᠠᠭᠠᠵᠤ᠂ ᠠᠵᠢᠯ ᠣᠯᠭᠤᠬᠤ ᠦᠢᠯᠡᠴᠢᠯᠡᠭᠡᠨ ᠤ ᠲᠥᠪ ᠢ ᠶᠠᠭ ᠰᠢᠰᠲ᠋ᠧᠮ ᠳᠤ ᠣᠷᠣᠭᠤᠯᠵᠤ ᠪᠠᠶᠢᠨ᠎ᠠ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠤ ᠳᠠᠷᠠᠭ᠎ᠠ ᠴᠠᠭ ᠲᠤᠬᠠᠶ ᠳᠤᠨᠢ ᠨᠥᠬᠦᠪᠥᠷᠢ ᠣᠯᠭᠤᠨ᠎ᠠ᠃       ᠤᠷᠴᠢᠭᠤᠯᠤᠬᠴᠢ᠄ ᠬᠠᠨ ᠰᠢᠶᠤᠤ ᠿᠦᠩ   ᠬᠢᠨᠠᠬᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3