︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ᠎ᠠ︾
ᠨᠡᠶᠢᠲᠡᠯᠡᠭᠰᠡᠨ ᠴᠠᠭ᠄
2024/9/9
           ——  ᠶᠤᠰᠤ ᠵᠦᠢ ᠪᠠᠷ ᠹᠧᠩᠴᠤᠸᠠᠨ ᠢ ᠤᠮᠳᠠᠯᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ  ᠬᠢᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
   9 ᠰᠠᠷ᠎ᠠ ᠶᠢᠨ 2 ᠤᠨ ᠡᠳᠦᠷ᠂ ᠶᠤᠰᠤ ᠵᠦᠢ ᠪᠠᠷ ᠹᠧᠩᠴᠤᠸᠠᠨ ᠢ ᠤᠮᠳᠠᠯᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ ᠪᠣᠯᠣᠨ ᠪᠠᠶᠢᠭᠤᠯᠭ᠎ᠠ ᠶᠢᠨ ᠪᠦᠬᠦ ᠺᠠᠳ᠋ᠷ ᠠᠵᠢᠯᠲᠠᠨ᠂ ᠬᠤᠳᠠ ᠶᠢᠨ ᠶᠡᠷᠦᠩᠬᠡᠢ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶ᠎ᠠ᠂ ᠬᠤᠳᠠ ᠶᠢᠨ ᠰᠢᠭᠤᠳ ᠬᠠᠷᠢᠶ᠎ᠠ ᠡᠯ᠎ᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠨᠢᠭᠡᠴᠡ ᠶᠢᠨ ᠨᠠᠮ ᠤᠨ ᠡᠭᠦᠷ ᠤᠨ ᠱᠦᠵᠢ ᠵᠢᠴᠢ ᠨᠠᠮ ᠤᠨ ᠠᠵᠢᠯ ᠤᠨ ᠠᠵᠢᠯᠲᠠᠳ ᠤᠬᠠᠭᠤᠯᠤᠨ ᠲᠠᠶᠢᠯᠪᠤᠷᠢᠯᠠᠬᠤ ᠶᠢ ᠰᠤᠨᠤᠰᠪᠠ᠃    ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠹᠧᠩᠴᠤᠸᠠᠨ ᠵᠢᠦ ᠰᠢᠩ ᠠᠷᠢᠬᠢᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠯᠪᠠᠨ ᠭᠡᠷ ᠤᠨ ᠡᠷᠬᠢᠯᠡᠭᠴᠢ ᠪᠥᠭᠡᠳ ᠠᠷᠢᠬᠢ ᠦᠢᠯᠡᠳᠬᠦ ᠦᠢᠯᠡᠳᠪᠦᠷᠢ ᠶᠢᠨ ᠲᠠᠰᠤᠭ ᠤᠨ ᠡᠷᠬᠢᠯᠡᠭᠴᠢ ᠵᠠᠩ ᠭᠧᠨ ᠵᠢᠦ ᠨᠥᠬᠦᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ᠂ ᠰᠢᠨᠵᠢᠯᠡᠬᠦ ᠤᠬᠠᠭᠠᠨᠴᠢ ᠪᠠᠷ ᠨᠠᠷᠢᠨ ᠬᠢᠨᠠᠮᠠᠭᠠᠢ ᠲᠠᠶᠢᠯᠪᠤᠷᠢᠯᠠᠬᠤ ᠶᠢᠨ ᠬᠠᠮᠲᠤ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠵᠤ᠂ ᠤᠯᠠᠨ ᠢ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠪᠦᠬᠦᠳᠠ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠠᠳᠬᠤᠨ ᠨᠠᠶᠢᠳᠠᠪᠤᠷᠢᠵᠢᠭᠤᠯᠤᠯᠲᠠ ᠶᠢ ᠡᠷᠢᠯᠬᠢᠯᠡᠵᠦ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃    ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ︽ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠬᠦᠴᠦᠯᠡᠨ ᠤᠷᠤᠭᠰᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠡᠩ ᠥᠨᠳᠥᠷ ᠵᠣᠭᠰᠣᠴᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠢ ᠰᠠᠶᠢᠲᠤᠷ ᠠᠳᠬᠤᠵᠤ᠂ᠨᠡᠩ ᠴᠢᠩᠭ᠎ᠠ ᠡᠭᠦᠷᠭᠡᠯᠡᠯ ᠢᠶᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ  ᠠᠬᠢᠭᠤᠯᠤᠨ᠎ᠠ ᠬᠡᠵᠡᠭᠡᠪᠡ᠃         ᠵᠣᠬᠢᠶᠠᠭᠴᠢ᠄ ᠪᠠᠢ ᠯᠢ ᠨᠠ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3