ᠭᠤᠸᠠᠨ ᠳᠦᠨ ᠪᠦ᠋ ᠰᠢᠶᠠᠩ ᠡᠯ᠎ᠡ ᠲᠣᠰᠬᠤᠨ ᠳᠤ ᠭᠦᠨᠵᠡᠭᠡᠶᠢᠷᠡᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2025/1/10
   ᠪᠦᠬᠦ ᠰᠢᠶᠠᠩ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠪᠦᠲᠦᠮᠵᠢᠲᠡᠢ ᠪᠠᠷ ᠥᠷᠨᠢᠭᠦᠯᠬᠦ ᠶᠢ ᠪᠠᠳᠤᠯᠠᠨ᠂ ᠠᠵᠢᠯ ᠤᠨ ᠳᠤᠮᠳᠠᠬᠢ ᠲᠦᠭᠵᠢᠷᠡᠯ ᠲᠠᠢ ᠠᠰᠠᠭᠤᠳᠠᠯ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠶᠢᠨ ᠲᠥᠯᠥᠭᠡ᠂12 ᠰᠠᠷ᠎ᠠ ᠶᠢᠨ 31 ᠤ ᠡᠳᠦᠷ᠂ ᠭᠤᠸᠠᠨ ᠳᠦᠨ ᠪᠦ᠋ ᠰᠢᠶᠠᠩ ᠤᠨ ᠲᠣᠮᠢᠯᠠᠭᠰᠠᠨ ᠠᠵᠢᠯᠯᠠᠬᠤ ᠳᠤᠭᠤᠶᠢᠯᠠᠩ ᠤᠨ ᠬᠢᠨ ᠡᠯ᠎ᠡ ᠲᠣᠰᠬᠤᠨ ᠳᠤ ᠭᠦᠨᠵᠡᠭᠡᠶᠢᠷᠡᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠵᠢᠯᠣᠭᠤᠳᠪᠠ᠃    ᠠᠵᠢᠯᠯᠠᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ︽ᠰᠣᠨᠣᠰᠬᠤ︾᠂ ᠲᠤᠬᠠᠶ ᠶᠢᠨ ᠲᠠᠯᠠᠪᠠᠶ ᠶᠢ ︽ᠦᠵᠡᠬᠦ︾᠂ ︽ᠮᠠᠲ᠋ᠧᠷᠢᠶᠠᠯ ᠪᠠᠶᠢᠴᠠᠭᠠᠬᠤ︾᠂ ︽ᠣᠯᠠᠨ ᠲᠦᠮᠡᠨ ᠢ ᠰᠤᠷᠪᠤᠯᠵᠢᠯᠠᠬᠤ︾ ᠵᠡᠷᠭᠡ ᠠᠷᠭ᠎ᠠ ᠬᠡᠯᠪᠡᠷᠢ ᠪᠠᠷ ᠡᠯ᠎ᠡ ᠲᠣᠰᠬᠤᠨ ᠤ ᠣᠨ ᠤ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠵᠢᠴᠢ ︽ᠬᠤᠶᠠᠷ ᠪᠠᠶᠠᠷ︾ ᠤᠨ ᠬᠤᠭᠤᠴᠠᠭᠠᠨ ᠳᠠᠬᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠡᠯ᠎ᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ᠂ ᠴᠡᠷᠢᠭ ᠡᠯᠰᠡᠬᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠤᠢ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ᠂ ᠳᠤᠯᠠᠭᠠᠴᠠᠭᠤᠯᠬᠤ ᠢᠨᠵᠧᠨᠧᠷᠢᠩ᠂ ᠡᠮ ᠡᠮᠨᠡᠯᠭᠡ ᠶᠢᠨ ᠳᠠᠭᠠᠳᠬᠠᠯ ᠢ ᠬᠤᠷᠢᠶᠠᠬᠤ᠂ ᠠᠶᠤᠯᠭᠦᠢ ᠦᠢᠯᠡᠳᠪᠦᠷᠢᠯᠡᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠦᠬᠦ ᠲᠠᠯ᠎ᠠ ᠪᠠᠷ ᠵᠢᠯᠣᠭᠤᠳᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠳᠤ ᠪᠣᠳᠠᠲᠠᠢ ᠰᠠᠨᠠᠯ ᠲᠤᠷᠠᠳᠪᠠ᠃    ᠲᠣᠰ ᠤᠳᠠᠭᠠᠨ ᠤ ᠠᠵᠢᠯ ᠤᠨ ᠵᠢᠯᠣᠭᠤᠳᠣᠯᠭ᠎ᠠ ᠨᠢ ᠪᠥᠬᠦ ᠰᠢᠶᠠᠩ ᠤᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠰᠢᠰᠲ᠋ᠧᠮ ᠲᠠᠢ ᠰᠢᠯᠭᠠᠨ ᠪᠠᠶᠢᠴᠠᠭᠠᠭᠰᠠᠨ ᠢᠶᠠᠷ ᠪᠠᠷᠠᠬᠤ ᠥᠬᠡᠶ᠂ ᠪᠠᠰᠠ ᠠᠵᠢᠯ ᠳᠤ ᠣᠷᠣᠰᠢᠵᠤ ᠪᠠᠶᠢᠭ᠎ᠠ ᠲᠤᠳᠠᠬᠳᠠᠯ ᠪᠠ ᠠᠰᠠᠭᠤᠳᠠᠯ ᠳᠤ ᠨᠠᠩ ᠲᠣᠳᠣᠷᠬᠠᠶ ᠲᠠᠨᠢᠯᠲᠠ ᠲᠠᠢ ᠪᠣᠯᠵᠣ᠂ ᠲᠣᠰᠬᠤᠨ ᠤ ᠱᠠᠲᠤᠨ ᠤ ᠺᠠᠳ᠋ᠷᠴᠤᠳ ᠤᠨ ᠡᠩᠨᠡᠭᠡ ᠶᠢᠨ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠬᠤ᠂ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠨ ᠤ ︽ᠲᠡᠭᠦᠰᠬᠡᠯ ᠤᠨ ᠪᠠᠶᠢᠯᠳᠤᠭᠠᠨ︾ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃          ᠤᠷᠴᠢᠭᠤᠯᠤᠬᠴᠢ᠄ ᠬᠠᠨ ᠰᠢᠶᠤᠤ ᠿᠦᠩ          ᠬᠢᠨᠠᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3