| 1 ᠰᠠᠷ᠎ᠠ ᠶᠢᠨ 7 ᠤ ᠦᠳᠡ ᠶᠢᠨ ᠡᠮᠦᠨ᠎ᠡ᠂ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠪᠤᠯᠤᠨ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠭᠤᠣᠯᠯᠠᠨ | ᠡᠷᠬᠢᠯᠡᠭᠰᠡᠨ 2025 ᠣᠨ ᠤ ᠮᠠᠨ ᠤ ᠳᠤᠮᠳᠠᠳᠤ ᠶᠢᠨ ᠵᠡᠭᠦᠳᠦ ︱ ᠰᠣᠶᠣᠯ ᠢ ᠲᠦᠮᠡᠨ ᠡᠷᠦᠬᠡ ᠳᠤ ᠬᠦᠷᠭᠡᠬᠦ ︱ | ᠵᠢᠴᠢ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠳᠤ ᠪᠠᠭᠤᠯᠭᠠᠬᠤ︾ | ᠡᠬᠢᠯᠡᠯᠲᠡ ᠶᠢᠨ ᠶᠣᠰᠣᠯᠠᠯ ᠰᠢᠨ᠎ᠡ ᠬᠤᠳᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠯᠢᠳᠤ ᠨᠡᠶᠢᠭᠡᠮ ᠲᠣᠭᠤᠷᠢᠭ ᠲᠤ ᠶᠠᠪᠤᠭᠳᠠᠪᠠ᠃ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ | ᠵᠡᠷᠭᠡ ᠰᠠᠯᠠᠭ᠎ᠠ ᠮᠥᠴᠢᠷ ᠤᠨ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠰᠠᠳ᠂ ᠤᠷᠠᠨ ᠰᠠᠶᠢᠬᠠᠨ ᠤ | ᠬᠠᠮᠲᠤᠷᠠᠭᠰᠠᠨ ᠲᠣᠭᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠤᠬᠠᠭᠤᠯᠭ᠎ᠠ᠂ ᠬᠤᠣᠰ ᠤᠶᠠᠩᠭ᠎ᠠ ᠪᠢᠴᠢᠬᠦ | ᠵᠡᠷᠭᠡ ᠬᠡᠯᠪᠡᠷᠢ ᠪᠠᠷ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠤᠨ | ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠬᠦᠷᠭᠡᠪᠡ᠃ | | ᠲᠣᠰ ᠤᠳᠠᠭ᠎ᠠ ᠶᠢᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠳᠤ ︽ᠪᠣᠳᠠᠲᠠᠢ ᠳᠤ | ᠣᠶᠢᠷᠠᠲᠤᠭᠤᠯᠬᠤ᠂ ᠠᠮᠢᠳᠤᠷᠠᠯ ᠳᠤ ᠣᠶᠢᠷᠠᠲᠤᠭᠤᠯᠬᠤ᠂ ᠣᠯᠠᠨ ᠲᠦᠮᠡᠨ ᠳᠤ ᠣᠶᠢᠷᠠᠲᠤᠭᠤᠯᠬᠤ︾ ᠵᠠᠷᠴᠢᠮ ᠢ | ᠪᠠᠷᠢᠮᠲᠠᠯᠠᠨ᠂ ᠲᠡᠷᠢᠭᠦᠨ ᠤ ᠰᠣᠶᠣᠯ ᠢ ᠤᠯᠠᠮᠵᠢᠯᠠᠨ ᠳᠡᠯᠭᠡᠷᠡᠭᠦᠯᠬᠦ᠂ ᠰᠢᠨᠵᠢᠯᠡᠬᠦ ᠤᠬᠠᠭᠠᠨᠴᠢ ᠪᠣᠯᠪᠠᠰᠤᠨ ᠡᠷᠡᠭᠦᠯ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠪᠠᠷ ᠳᠠᠮᠵᠢᠭᠤᠯᠤᠨ᠂ ︽ᠭᠤᠷᠪᠠ ᠶᠢ ᠬᠥᠳᠡᠭᠡ ᠳᠤ ᠪᠠᠭᠤᠯᠭᠠᠬᠤ︾ | ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠪᠠ ᠵᠢᠱᠢᠶ᠎ᠡ ᠦᠵᠡᠭᠦᠯᠬᠦ ᠴᠢᠳᠠᠮᠵᠢ ᠶᠢ ᠦᠷᠭᠦᠯᠵᠢᠯᠡᠨ | ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠪᠣᠯᠣᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠮᠥ᠋ᠴᠢᠷ ᠤᠨ ᠠᠪᠴᠢᠷᠠᠭᠰᠠᠨ ᠭᠤᠶᠢᠳᠠ ᠰᠠᠶᠢᠬᠠᠨ ᠤᠷᠠᠨ | ᠰᠠᠶᠢᠬᠠᠨ ᠤ ᠲᠣᠭᠯᠠᠯᠲᠠ ᠨᠢ ᠠᠵᠢᠯᠯᠠᠭ᠎ᠠ ᠶᠢᠨ ᠠᠭᠤᠷ ᠠᠮᠢᠰᠬᠤᠯ ᠢ ᠤᠳᠠᠭ᠎ᠠ ᠳᠠᠷᠠᠭᠠᠯᠠᠨ ᠤᠷᠬᠢᠯ ᠳᠤᠨᠢ ᠬᠦᠷᠭᠡᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠠᠴᠠ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠡᠯ᠎ᠡ ᠲᠦᠷᠦᠯ ᠤᠨ ᠮᠠᠲ᠋ᠧᠷᠢᠶᠠᠯ ᠢ ᠤᠯᠠᠨ ᠲᠦᠮᠡᠨ ᠳᠤ ᠲᠠᠷᠬᠠᠭᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠰᠠᠯᠪᠤᠷᠢ ᠪᠠᠭ᠎ᠠ ᠠᠩᠭᠢ ᠶᠢᠨ ᠬᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ ᠲᠠᠪᠴᠠᠩ ᠭᠠᠷᠭᠠᠵᠤ᠂ | ᠤᠯᠠᠨ ᠲᠦᠮᠡᠨ ᠳᠤ ᠴᠢᠰᠤᠨ ᠳᠠᠷᠤᠯᠲᠠ᠂ ᠴᠢᠰᠤᠨ ᠰᠢᠬᠢᠷ ᠵᠡᠷᠭᠡ ᠶᠢ ᠰᠢᠯᠭᠠᠨ ᠪᠠᠶᠢᠴᠠᠭᠠᠬᠤ ᠪᠠ ᠡᠷᠡᠭᠦᠯ | ᠮᠡᠨᠳᠦ ᠶᠢᠨ ᠯᠠᠪᠯᠠᠯᠲᠠ ᠶᠢᠨ ᠦᠢᠯᠡᠴᠢᠯᠡᠭᠡ ᠬᠠᠩᠭᠠᠪᠠ᠃ 10 ᠭᠠᠷᠤᠢ ᠤᠷᠠᠨ ᠪᠢᠴᠢᠯᠭᠡᠲᠡᠨ ᠲᠤᠬᠠᠢ ᠶᠢᠨ | ᠲᠠᠯᠠᠪᠠᠢ ᠳᠤ ᠪᠢᠷ ᠪᠡᠭᠡ ᠪᠠᠨ ᠬᠤᠷᠤᠶᠢᠯᠠᠵᠤ᠂ ᠬᠤᠣᠰ ᠤᠶᠠᠩᠭ᠎ᠠ ᠪᠣᠯᠣᠨ ᠪᠤᠶᠠᠨ ᠬᠡᠰᠢᠭ ᠤᠨ ᠦᠰᠦᠭ ᠢ ᠪᠢᠴᠢᠵᠦ᠂ | ᠤᠯᠠᠨ ᠲᠦᠮᠡᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠰᠠᠶᠢᠨ ᠰᠠᠶᠢᠬᠠᠨ ᠢᠷᠦᠭᠡᠯ ᠪᠢᠯᠬᠠᠭᠰᠠᠨ ᠬᠤᠣᠰ | ᠤᠶᠠᠩᠭ᠎ᠠ ᠶᠢ ᠤᠯᠠᠨ ᠢᠶᠠᠷ ᠢᠶᠠᠨ ᠪᠤᠯᠢᠶᠠᠯᠳᠤᠨ ᠠᠪᠴᠤ᠂ ᠲᠤᠬᠠᠢ ᠶᠢᠨ ᠲᠠᠯᠠᠪᠠᠢ ᠳᠤ ᠪᠠᠶᠠᠷ ᠪᠠᠶᠠᠰᠬᠤᠯᠠᠩ ᠤᠨ | ᠠᠭᠤᠷ ᠠᠮᠢᠰᠬᠤᠯ ᠢᠶᠠᠷ ᠪᠢᠯᠬᠠᠨ᠎ᠠ᠃ | | | | | | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ ᠠᠵᠢᠯ ᠢ ᠬᠦᠴᠦᠯᠡᠨ ᠰᠠᠶᠢᠲᠤᠷ | ᠬᠢᠵᠦ᠂ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠥᠯᠥᠭᠡ᠂ | ᠮᠠᠨ ᠤ ᠬᠤᠲᠠ ᠶᠢᠨ ᠬᠢᠨ ᠦᠷᠭᠦᠯᠵᠢᠯᠡᠨ ︽ᠭᠤᠷᠪᠠ ᠶᠢ ᠬᠥᠳᠡᠭᠡ ᠳᠤ ᠪᠠᠭᠤᠯᠭᠠᠬᠤ︾ ᠰᠢᠯᠢᠳᠡᠭ ᠡᠬᠢ | ᠪᠠᠶᠠᠯᠢᠭ ᠲᠤ ᠲᠦᠰᠢᠭᠯᠡᠨ᠂ ᠲᠡᠷᠢᠭᠦᠨ ᠤ ᠰᠣᠶᠣᠯ ᠢ ᠤᠯᠠᠮᠵᠢᠯᠠᠨ᠂ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠢ ᠳᠡᠯᠭᠡᠷᠡᠭᠦᠯᠵᠦ᠂ ᠪᠣᠯᠪᠠᠰᠤᠨ ᠠᠮᠢᠳᠤᠷᠠᠯ ᠢ ᠰᠠᠨᠠᠭᠠᠴᠢᠯᠠᠨ᠂ ᠣᠯᠠᠨ ᠲᠦᠮᠡᠨ ᠤ ᠠᠮᠢᠳᠤᠷᠠᠯ ᠤᠨ ᠴᠢᠨᠠᠷ | ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠂ | ᠨᠠᠩ ᠣᠯᠠᠨ ᠰᠢᠯᠢᠳᠡᠭ ᠡᠬᠢ ᠪᠠᠶᠠᠯᠢᠭ ᠢ ᠦᠨᠳᠦᠰᠦᠨ ᠱᠠᠲᠤᠨ ᠳᠤ ᠣᠷᠣᠭᠤᠯᠵᠤ᠂ ᠣᠯᠠᠨ ᠲᠦᠮᠡᠨ ᠳᠤ ᠠᠰᠢᠭ | ᠬᠦᠷᠲᠡᠭᠡᠬᠦ ᠶᠢ ᠠᠬᠢᠭᠤᠯᠵᠤ᠂ ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠤᠨ ᠰᠢᠨ᠎ᠡ ᠬᠦᠰᠡᠯ | ᠡᠷᠡᠮᠡᠯᠵᠡᠯ ᠢ ᠨᠠᠩ ᠰᠠᠶᠢᠲᠤᠷ ᠬᠠᠩᠭᠠᠨ᠎ᠠ᠃ | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |