ᠪᠠᠶᠠᠷ ᠤᠨ ᠮᠡᠳᠡᠭᠡ᠄ ᠹᠧᠩᠵᠧᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ 2025 ︱ 2027 ᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠠᠨᠳᠢᠪ ᠤᠨ ᠮᠥᠩᠭᠦ ᠶᠢ ᠭᠠᠶᠢᠯᠢ ᠲᠤᠰᠢᠶᠠᠬᠤ ᠠᠴᠠ ᠡᠮᠦᠨ᠎ᠡ ᠬᠠᠰᠤᠵᠤ ᠭᠠᠷᠭᠠᠬᠤ ᠬᠢᠷᠢ ᠬᠡᠮ ᠲᠠᠢ ᠪᠣᠯᠪᠠ
ᠨᠡᠶᠢᠲᠡᠯᠡᠭᠰᠡᠨ ᠴᠠᠭ᠄
2025/1/10
   ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ ︽ᠵᠡᠭᠦᠨᠭᠠᠷ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ 28 ᠡᠷᠦᠬᠡ ᠶᠢᠨ ᠣᠯᠠᠨ ᠲᠦᠮᠡᠨ ᠤ ᠪᠦᠯᠬᠦᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠠᠨᠳᠢᠪᠯᠡᠯ ᠤᠨ ᠭᠠᠶᠢᠯᠢ ᠲᠤᠰᠢᠶᠠᠬᠤ ᠠᠴᠠ ᠡᠮᠦᠨ᠎ᠡ ᠬᠠᠰᠤᠬᠤ ᠬᠢᠷᠢ ᠬᠡᠮ ᠢ ᠨᠤᠲᠠᠯᠠᠬᠤ ᠲᠤᠬᠠᠢ ᠠᠯᠪᠠᠨ ᠵᠠᠷ︾ ᠨᠡᠶᠢᠲᠡᠯᠡᠵᠦ᠂ ᠹᠧᠩᠵᠧᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ 2025 ︱ 2027 ᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠠᠨᠳᠢᠪᠯᠡᠯ ᠤᠨ ᠭᠠᠶᠢᠯᠢ ᠲᠤᠰᠢᠶᠠᠬᠤ ᠠᠴᠠ ᠡᠮᠦᠨ᠎ᠡ ᠬᠠᠰᠤᠬᠤ ᠬᠢᠷᠢ ᠬᠡᠮ ᠢ ᠣᠯᠣᠭᠰᠠᠨ ᠠᠴᠠ ᠪᠥᠬᠦ ᠬᠤᠲᠠ ᠶᠢᠨ ᠡᠯ᠎ᠡ ᠠᠵᠤ ᠠᠬᠤᠶᠢᠯᠠᠯ ᠪᠠ ᠬᠤᠪᠢ ᠬᠥᠮᠥᠨ ᠬᠠᠷᠢᠶᠠᠯᠠᠭᠳᠠᠬᠤ ᠣᠨ ᠳᠠᠭᠠᠨ ᠮᠠᠨ ᠤ ᠨᠢᠭᠡᠴᠡ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠠᠨᠳᠢᠪᠯᠡᠯ ᠶᠠᠪᠤᠭᠤᠯᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠲᠤᠰᠢᠶᠠᠬᠤ ᠠᠴᠠ ᠡᠮᠦᠨ᠎ᠡ ᠰᠠᠭᠤᠯᠭᠠᠨ ᠠᠪᠬᠤ ᠶᠢ ᠬᠡᠷᠡᠭᠵᠢᠭᠦᠯᠵᠦ ᠪᠣᠯᠣᠨ᠎ᠠ᠃
   ᠹᠧᠩᠵᠧᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨ᠊ ᠢ ᠨᠠᠮ ᠪᠠ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠬᠤ ᠶᠢ ᠢᠮᠠᠭᠲᠠ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠬᠥᠮᠦᠯᠢᠭ ᠦᠵᠡᠯ ᠤᠨ ᠠᠪᠤᠷᠠᠨ ᠲᠤᠰᠠᠯᠠᠬᠤ᠂ ᠬᠥᠮᠦᠯᠢᠭ ᠦᠵᠡᠯ ᠤᠨ ᠰᠣᠶᠣᠯ ᠤᠨ ᠤᠬᠠᠭᠤᠯᠭ᠎ᠠ ᠪᠠ ᠪᠡᠯᠡ ᠮᠥᠩᠭᠦ ᠴᠤᠭᠯᠠᠭᠤᠯᠬᠤ ᠵᠡᠷᠭᠡ ᠠᠵᠢᠯ ᠢ ᠢᠳᠡᠪᠬᠢᠲᠡᠢ ᠪᠠᠷ ᠰᠠᠶᠢᠲᠤᠷ ᠬᠢᠵᠦ᠂ ︽ᠬᠡᠭᠡᠨ ᠰᠠᠷᠠᠭᠤᠯ ᠠᠵᠢᠯᠯᠠᠭ᠎ᠠ︾᠂ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾᠂ ︽ᠲᠦᠭᠡᠮᠡᠯ ᠬᠠᠶᠢᠷ᠎ᠠ ᠶᠢᠨ ᠭᠡᠷ ᠣᠷᠣᠨ︾ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠥᠷᠭᠡᠨ ᠣᠯᠠᠨ ᠲᠦᠮᠡᠨ ᠤ ᠰᠠᠶᠢᠨ ᠦᠨᠡᠯᠡᠯᠲᠡ ᠶᠢ ᠭᠥᠷᠳᠡᠭᠰᠡᠭᠡᠷ ᠢᠷᠡᠵᠡᠶ᠃ ᠡᠭᠦᠨ ᠳᠤ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠬᠠᠶᠢᠷ᠎ᠠ ᠬᠠᠯᠠᠮᠵᠢ ᠶᠢᠨ ᠬᠥᠮᠥᠰ ᠢ ᠹᠧᠩᠵᠧᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠥᠮᠦᠯᠢᠭ ᠦᠵᠡᠯ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠬᠠᠶᠢᠷ᠎ᠠ ᠬᠠᠯᠠᠮᠵᠢ ᠪᠠᠨ ᠡᠷᠭᠦᠨ᠂ᠬᠦᠰᠡᠯ ᠡᠷᠡᠮᠡᠯᠵᠡᠯ ᠢᠶᠠᠨ ᠭᠡᠷᠡᠯᠲᠦᠭᠦᠯᠵᠦ᠂ ᠵᠣᠯ ᠵᠢᠷᠭᠠᠯᠲᠤ ᠹᠧᠩᠵᠧᠨ ᠤ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠶ᠎ᠠ︕          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3