| 1 ᠰᠠᠷ᠎ᠠ ᠶᠢᠨ 8 ᠤ ᠡᠳᠦᠷ᠂ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨ ᠬᠤᠷᠢᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ | ᠬᠤᠩ᠂ ᠳᠡᠳ᠋ ᠡᠷᠬᠢᠯᠡᠭᠴᠢ ᠸᠠᠩ ᠢᠦᠢ ᠴᠧᠩ᠂ ᠯᠢ ᠱᠦᠨ ᠢ ᠨᠠᠷ ᠬᠤᠷᠠᠯ ᠳᠤ ᠣᠷᠣᠯᠴᠠᠪᠠ︔ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ | ᠳᠠᠷᠤᠭ᠎ᠠ ᠸᠧᠢ ᠭᠦᠸᠧ ᠴᠦᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠺᠣᠮᠢᠰ ᠤᠨ ᠣᠷᠣᠯᠠᠭᠴᠢ ᠡᠷᠬᠢᠯᠡᠭᠴᠢ ᠫᠠᠩ ᠴᠤᠤ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ | ᠭᠡᠷ ᠤᠨ ᠡᠷᠬᠢᠯᠡᠭᠴᠢ ᠵᠠᠩ ᠰᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ ᠸᠠᠩ ᠯᠠᠢ ᠱᠤᠸᠠᠨ᠂ ᠿᠦ ᠷᠦᠢ ᠬᠤᠩ ᠵᠢᠴᠢ ᠬᠤᠲᠠ ᠶᠢᠨ | ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠸᠧᠢ ᠰᠢᠤᠸᠠᠢ ᠹᠧᠩ᠂ ᠬᠤᠲᠠ ᠶᠢᠨ ᠠᠷᠠᠳ ᠤᠨ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ ᠯᠢᠦ ᠼᠠᠢ ᠰᠢᠶᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠠᠷ ᠬᠤᠷᠠᠯ ᠳᠤ ᠰᠤᠯᠠ ᠣᠷᠣᠯᠴᠠᠵᠤ᠂ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠥᠰ | ᠬᠤᠷᠠᠯ ᠳᠤ ᠤᠷᠤᠯᠴᠠᠵᠤ ᠲᠤᠰᠢᠶᠠᠯ ᠳᠤ ᠭᠠᠷᠴᠦ᠂ ᠵᠠᠩ ᠬᠤᠩ ᠬᠤᠷᠠᠯ ᠢ ᠡᠷᠬᠢᠯᠡᠪᠡ᠃ | | ᠬᠤᠷᠠᠯᠳᠤᠭᠠᠨ ᠳᠤ ᠣᠷᠣᠯᠴᠠᠬᠤ ᠶᠣᠰᠣᠲᠠᠢ ᠪᠠᠶᠢᠩᠭᠤ ᠶᠢᠨ ᠬᠤᠷᠢᠶᠠᠨ ᠤ ᠪᠦᠷᠢᠯᠳᠦᠭᠦᠨ 32 ᠬᠥᠮᠥᠨ᠂ | ᠬᠤᠷᠠᠯᠳᠤᠭᠠᠨ ᠳᠤ ᠪᠣᠳᠠᠲᠠᠢ ᠣᠷᠣᠯᠴᠠᠭᠰᠠᠨ ᠨᠢ 26 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ | ᠲᠤᠭ᠎ᠠ ᠳᠤ ᠨᠡᠶᠢᠴᠡᠵᠦ ᠪᠠᠶᠢᠨ᠎ᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2025 ᠣᠨ ᠤ ᠰᠢᠨ᠎ᠡ ᠵᠢᠯ ᠤᠨ ᠪᠠᠶᠠᠷ ᠤᠨ ᠦᠭᠡ | ᠵᠢᠴᠢ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠭᠰᠠᠨ | ᠠᠮᠢᠳᠤᠷᠠᠯ ᠤᠨ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠪᠠᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠳᠥᠷᠪᠡᠳᠦᠭᠡᠷ ᠤᠳᠠᠭ᠎ᠠ ᠶᠢᠨ ︽ | ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠰᠠᠭᠤᠳᠠᠯ ᠤᠨ ᠬᠤᠷᠠᠯ ᠳᠡᠭᠡᠷᠡᠬᠢ | ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ | ᠪᠦᠬᠦᠳᠠ ᠬᠤᠷᠠᠯ ᠤᠨ ᠠᠯᠪᠠᠨ ᠮᠡᠳᠡᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠳᠠ ᠶᠢᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠬᠦᠳᠠ ᠬᠤᠷᠠᠯ ᠤᠨ ᠠᠯᠪᠠᠨ ᠮᠡᠳᠡᠭᠡ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠹᠧᠩᠵᠧᠨ ᠬᠤᠳᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ | ᠶᠢᠰᠦᠳᠦᠭᠡᠷ ᠪᠦᠬᠦᠳᠠ ᠬᠤᠷᠠᠯ ᠤᠨ ᠠᠯᠪᠠᠨ ᠮᠡᠳᠡᠭᠡ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ | ᠵᠦᠢᠯᠡᠰ ᠢ ᠲᠣᠭᠲᠠᠭᠠᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ | ᠣᠯᠭᠤᠬᠤ ᠶᠢᠨ ᠬᠠᠮᠲᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ︔ ᠤᠯᠠᠭᠠᠨᠴᠠᠪ | ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢ ᠨᠥᠬᠦᠨ ᠰᠣᠩᠭᠤᠪᠠ︔ ᠬᠤᠷᠠᠯ ᠠᠴᠠ ︽ᠹᠧᠩᠵᠧᠨ ᠬᠤᠳᠠ ᠶᠢᠨ ᠠᠷᠠᠳ ᠤᠨ ᠵᠠᠰᠠᠭ ᠤᠨ | ᠣᠷᠳᠣᠨ ᠤ 2024 ᠣᠨ ᠤ 7 ︱ 12 ᠰᠠᠷ᠎ᠠ ᠶᠢᠨ ᠲᠥᠰᠥᠪ ᠤᠨ ᠣᠷᠣᠯᠭ᠎ᠠ ᠵᠠᠷᠤᠯᠭ᠎ᠠ ᠳᠤ ᠲᠣᠬᠢᠷᠠᠭᠤᠯᠤᠯᠲᠠ | ᠬᠢᠭᠰᠡᠨ ᠪᠠ ᠦᠯᠡᠳᠡᠵᠦ ᠪᠠᠶᠢᠭ᠎ᠠ ᠪᠡᠯᠡ ᠮᠥᠩᠭᠦ ᠶᠢ ᠬᠤᠷᠢᠶᠠᠨ ᠠᠪᠤᠭᠰᠠᠨ ᠵᠡᠷᠭᠡ ᠪᠠᠶᠢᠳᠠᠯ ᠤᠨ ᠲᠤᠬᠠᠢ | ᠮᠡᠳᠡᠭᠦᠯᠦᠯᠲᠡ︾ ᠶᠢ ᠰᠣᠨᠣᠰᠤᠨ ᠪᠠᠲᠤᠯᠠᠵᠤ᠂ ︽ᠹᠧᠩᠵᠧᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ | ᠶᠢ ᠰᠣᠨᠣᠰᠤᠭᠰᠠᠨ ᠪᠥᠭᠡᠳ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ᠃ | | | ᠵᠣᠬᠢᠶᠠᠭᠴᠢ᠄ ᠸᠠᠩ ᠨᠢᠩ ᠪᠦᠸᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |