︽ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ︾
ᠨᠡᠶᠢᠲᠡᠯᠡᠭᠰᠡᠨ ᠴᠠᠭ᠄
2025/1/10
         ——  ᠡᠪᠡᠰᠦᠨ ᠦᠷ᠎ᠡ ᠶᠢᠨ ᠰᠢᠨ᠎ᠡ ᠪᠦᠲᠦᠭᠡᠭᠳᠡᠬᠦᠨ ᠢ ᠰᠣᠩᠭᠤᠨ ᠪᠣᠶᠢᠵᠢᠭᠤᠯᠵᠤ ᠳᠡᠯᠭᠡᠷᠡᠭᠦᠯᠬᠦ ᠨᠢ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ    ᠹᠧᠩᠵᠧᠨ ᠬᠤᠳᠠ ᠶᠢᠨ ᠬᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ︾  ᠢᠶᠠᠷ ᠭᠠᠷᠳᠠᠴᠠ ᠪᠣᠯᠭᠠᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠦᠷᠭᠦᠯᠵᠢᠯᠡᠨ ᠪᠤᠵᠠᠭᠠᠶᠢᠷᠠᠭᠤᠯᠤᠨ ᠰᠢᠯᠢᠳᠡᠭᠵᠢᠭᠦᠯᠵᠦ᠂ ᠡᠪᠡᠰᠦ ᠪᠣᠷᠳᠤᠭ᠎ᠠ ᠶᠢᠨ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠭᠦᠨᠵᠡᠭᠡᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃
   ᠣᠶᠢᠷ᠎ᠠ ᠳᠤ᠂ ᠰᠤᠷᠪᠤᠯᠵᠢᠯᠠᠭᠴᠢ ᠥᠪᠥᠷ ᠮᠣᠩᠭᠤᠯ ᠤᠨ ᠯᠦᠩ ᠼᠤᠤ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠤ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠲᠣᠰ ᠺᠣᠮᠫᠠᠨᠢ ᠶᠢᠨ ᠬᠢᠨ ᠶᠠᠭ ᠡᠪᠡᠰᠦᠨ ᠦᠷ᠎ᠡ ᠶᠢ ᠰᠢᠭᠰᠢᠨ ᠰᠣᠩᠭᠤᠬᠤ ᠪᠠ ᠡᠪᠡᠰᠦ ᠪᠣᠷᠳᠤᠭ᠎ᠠ᠂ ᠪᠣᠷᠳᠣᠭᠠᠨ ᠤ ᠮᠥᠬᠦᠯᠢᠭ ᠢ ᠦᠢᠯᠡᠳᠪᠦᠷᠢᠯᠡᠨ ᠲᠡᠭᠡᠭᠡᠪᠦᠷᠢᠯᠡᠬᠦ ᠠᠵᠢᠯ ᠢ ᠬᠢᠵᠦ᠂ ᠲᠤᠬᠠᠢ ᠶᠢᠨ ᠲᠠᠯᠠᠪᠤᠷ ᠲᠤ ᠶᠠᠭᠠᠷᠠᠯᠲᠠᠢ  ᠪᠠᠶᠢᠬᠤ ᠶᠢ ᠤᠯᠵᠤ ᠬᠠᠷᠠᠪᠠ᠃
   ᠦᠢᠯᠡᠳᠪᠦᠷᠢᠯᠡᠯ ᠤᠨ ᠶᠠᠪᠤᠴᠠ ᠳᠤ᠂ ᠯᠦᠩ ᠼᠤᠤ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠤ ᠰᠠᠯᠠᠭᠠᠨ ᠤ ᠬᠢᠨ ᠲᠦᠭᠦᠬᠡᠢ ᠮᠠᠲ᠋ᠧᠷᠢᠶᠠᠯ ᠤᠨ ᠶᠠᠰᠤ ᠴᠢᠨᠠᠷ ᠢ ᠢᠮᠠᠭᠲᠠ ᠦᠢᠯᠡᠳᠬᠦᠨ ᠤ ᠰᠠᠶᠢᠨ ᠮᠠᠭᠤ ᠶᠢᠨ ᠵᠠᠩᠭᠢᠯᠠᠭ᠎ᠠ ᠪᠠᠷ ᠦᠵᠡᠭᠰᠡᠭᠡᠷ ᠢᠷᠡᠵᠠᠢ᠃ ᠲᠤᠰ ᠤᠳᠠᠭᠠᠨ ᠤ ᠦᠢᠯᠡᠳᠪᠦᠷᠢᠯᠡᠯ ᠵᠥᠭᠡᠭᠡᠪᠦᠷᠢ ᠶᠢᠨ ᠵᠠᠩᠭᠢᠯᠠᠭ᠎ᠠ ᠳᠤ᠂ ᠺᠣᠮᠫᠠᠨᠢ ᠠᠴᠠ ᠡᠪᠡᠰᠦᠨ ᠦᠷ᠎ᠡ ᠶᠢ ᠰᠢᠯᠢᠨ ᠰᠣᠩᠭᠤᠬᠤ ᠠᠵᠢᠯ ᠢ ᠣᠨᠴᠠᠭᠠᠶᠢᠯᠠᠨ ᠴᠢᠬᠤᠯᠠᠴᠢᠯᠠᠪᠠ᠃ ᠮᠡᠷᠭᠡᠵᠢᠯ ᠤᠨ ᠪᠦᠯᠬᠦᠮ ᠨᠢ ᠲᠡᠷᠢᠭᠦᠨ ᠤ ᠰᠢᠭᠰᠢᠨ ᠰᠣᠩᠭᠤᠬᠤ ᠲᠥᠬᠦᠭᠡᠷᠦᠮᠵᠢ ᠪᠠ ᠰᠢᠨᠵᠢᠯᠡᠬᠦ ᠤᠬᠠᠭᠠᠨᠴᠢ ᠠᠷᠭ᠎ᠠ ᠶᠢ ᠬᠡᠷᠡᠭᠯᠡᠨ᠂ ᠳᠦᠷᠰᠦ ᠶᠢᠨ ᠢᠷᠡᠯᠲᠡ᠂ ᠨᠠᠬᠢᠶᠠᠯᠠᠬᠤ ᠨᠣᠷᠮ᠎ᠠ᠂ ᠡᠪᠡᠳᠴᠢᠨ ᠢ ᠡᠰᠡᠷᠭᠦᠴᠡᠬᠦ ᠴᠢᠨᠠᠷ ᠵᠡᠷᠭᠡ ᠣᠯᠠᠨ ᠲᠠᠯ᠎ᠠ ᠠᠴᠠ ᠡᠪᠡᠰᠦᠨ ᠡᠭᠦᠯᠳᠡᠷ ᠢ ᠴᠢᠩᠭ᠎ᠠ ᠠᠳᠬᠤᠵᠤ᠂ ᠰᠣᠩᠭᠤᠭᠰᠠᠨ ᠡᠪᠡᠰᠦᠨ ᠡᠭᠦᠯᠳᠡᠷ ᠤᠨ ᠥᠨᠳᠥᠷ ᠤᠨᠠᠯᠲᠠ ᠲᠠᠢ᠂ ᠥᠨᠳᠥᠷ ᠰᠢᠮ᠎ᠡ ᠲᠡᠵᠢᠭᠡᠯ ᠤᠨ ᠦᠨ᠎ᠡ ᠥᠷᠲᠡᠭ ᠲᠠᠢ ᠪᠠᠶᠢᠬᠤ ᠶᠢ  ᠦᠨᠡᠨᠬᠦ ᠪᠠᠳᠤᠯᠠᠬᠰᠠᠨ ᠨᠢ ᠡᠪᠡᠰᠦ ᠪᠣᠷᠳᠤᠭ᠎ᠠ ᠶᠢ ᠦᠷᠭᠦᠯᠵᠢᠯᠡᠨ ᠪᠣᠯᠪᠠᠰᠤᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠢᠶᠠᠷ ᠪᠠᠷᠠᠬᠤ ᠦᠭᠡᠢ ᠪᠠᠰᠠ ᠲᠡᠵᠢᠭᠡᠨ ᠦᠷᠡᠵᠢᠭᠦᠯᠬᠦ ᠦᠢᠯᠡᠰ ᠤᠨ ᠬᠡᠷᠡᠭᠯᠡᠭᠴᠢᠳ ᠲᠤ ᠴᠢᠨᠠᠷ ᠰᠠᠶᠢᠲᠠᠢ ᠲᠡᠵᠢᠭᠡᠯ ᠪᠣᠷᠳᠤᠭ᠎ᠠ ᠶᠢᠨ ᠪᠠᠲᠤᠯᠠᠭ᠎ᠠ ᠶᠢ ᠬᠠᠩᠭᠠᠵᠤ ᠥᠭᠭᠦᠭᠰᠡᠨ ᠪᠠᠶᠢᠨ᠎ᠠ᠃
   ᠦᠢᠯᠡᠳᠪᠦᠷᠢᠯᠡᠯ ᠤᠨ ᠲᠠᠰᠤᠭ ᠲᠤ᠂ ᠠᠵᠢᠯᠴᠢᠳ ᠡᠳ᠋ᠰᠢᠭᠦᠯᠦᠭᠰᠡᠨ ᠡᠪᠡᠰᠦ ᠪᠣᠷᠳᠤᠭ᠎ᠠ ᠪᠣᠯᠣᠨ ᠪᠣᠷᠳᠣᠭᠠᠨ ᠤ ᠮᠥᠬᠦᠯᠢᠭ ᠢ ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠪᠠᠷ ᠲᠡᠷᠭᠡᠨ ᠳᠤ ᠠᠴᠢᠵᠤ ᠪᠠᠶᠢᠨ᠎ᠠ᠃ ᠪᠦᠬᠦ᠋ᠢᠯᠡ ᠠᠴᠢᠶᠠᠯᠠᠬᠤ ᠶᠠᠪᠤᠴᠠ ᠳᠤ᠂ ᠺᠣᠮᠫᠠᠨᠢ ᠠᠴᠠ ᠪᠠᠷᠢᠮᠵᠢᠶᠠᠲᠤ ᠠᠵᠢᠯᠯᠠᠬᠤ ᠳᠦᠷᠢᠮ ᠢ ᠴᠢᠩᠭ᠎ᠠ ᠵᠢᠷᠤᠮᠯᠠᠨ ᠠᠴᠢᠶᠠᠯᠠᠬᠤ ᠠᠶᠤᠯᠭᠦᠢ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠭᠰᠠᠨ ᠪᠠᠶᠢᠨ᠎ᠠ᠃ ᠲᠡᠷᠭᠡ ᠪᠦᠷᠢ ᠶᠢᠨ ᠡᠪᠡᠰᠦ ᠪᠣᠷᠳᠤᠭ᠎ᠠ ᠪᠠ ᠪᠣᠷᠳᠣᠭᠠᠨ ᠤ ᠮᠥᠬᠦᠯᠢᠭ  ᠨᠢ ᠴᠥᠮ ᠴᠢᠩᠭ᠎ᠠ ᠨᠢᠮᠪᠠᠢ ᠬᠦᠨᠳᠦ ᠶᠢ ᠬᠡᠮᠵᠢᠬᠦ ᠪᠠ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠡᠳ᠋ ᠪᠠᠷᠠᠭ᠎ᠠ ᠶᠢ ᠲᠡᠭᠡᠭᠡᠪᠦᠷᠢᠯᠡᠬᠦ ᠶᠠᠪᠤᠴᠠ ᠳᠤ ᠰᠠᠶᠢᠨ ᠪᠠᠶᠢᠳᠠᠯ ᠲᠠᠢ ᠪᠠᠶᠢᠯᠭᠠᠬᠤ ᠶᠢ ᠪᠠᠳᠤᠯᠠᠪᠠ᠃
   ᠮᠠᠯ ᠠᠵᠤ ᠠᠬᠤᠢ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠡᠪᠡᠰᠦ ᠪᠣᠷᠳᠤᠭ᠎ᠠ ᠪᠠ ᠲᠡᠵᠢᠭᠡᠯ ᠪᠣᠷᠳᠣᠭᠠᠨ ᠤ ᠮᠥᠬᠦᠯᠢᠭ ᠤᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠯᠦᠩ ᠼᠤᠤ ᠳᠡᠭᠡᠳᠦ ᠵᠡᠷᠭᠡ ᠶᠢᠨ ᠮᠡᠷᠭᠡᠵᠢᠯ ᠤᠨ ᠰᠠᠯᠠᠭᠠᠨ ᠤ ᠬᠢᠨ ᠤᠷᠢᠳᠴᠢᠯᠠᠨ ᠲᠥᠯᠥᠪᠵᠢᠭᠦᠯᠬᠦ ᠪᠠ ᠨᠠᠷᠢᠨ ᠨᠢᠭᠲᠠ ᠪᠠᠶᠢᠷᠢᠯᠠᠭᠤᠯᠬᠤ ᠪᠠᠷ ᠳᠡᠮᠵᠢᠨ᠂ ᠬᠡᠷᠡᠭᠯᠡᠭᠴᠢᠳ ᠤᠨ ᠦᠢᠯᠡᠳᠬᠦᠨ ᠤ ᠶᠠᠰᠤ ᠴᠢᠨᠠᠷ ᠪᠠ ᠪᠠᠷᠠᠭ᠎ᠠ ᠲᠤᠰᠢᠶᠠᠬᠤ ᠴᠠᠭ ᠤᠨ ᠱᠠᠭᠠᠷᠳᠠᠯᠭ᠎ᠠ ᠶᠢ ᠬᠠᠩᠭᠠᠭᠰᠠᠨ ᠢᠶᠠᠷ ᠪᠠᠷᠠᠬᠤ ᠦᠭᠡᠢ᠂ ᠺᠣᠮᠫᠠᠨᠢ ᠶᠢᠨ ᠠᠵᠢᠯ ᠲᠥᠷᠥᠯ ᠳᠠᠬᠢ ᠲᠡᠷᠢᠭᠦᠯᠡᠬᠦ ᠪᠠᠶᠢᠷᠢ ᠰᠠᠭᠤᠷᠢ ᠶᠢ ᠴᠤ ᠤᠯᠠᠮ ᠨᠢᠭᠡ ᠠᠯᠬᠤᠮ ᠪᠠᠬᠢᠵᠢᠭᠦᠯᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠯᠦᠩ ᠼᠤᠤ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠤ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠬᠢᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠭᠤᠣᠯ ᠪᠣᠯᠭᠠᠵᠤ᠂ ᠶᠠᠰᠤ ᠴᠢᠨᠠᠷ ᠢᠶᠠᠷ ᠦᠨᠳᠦᠰᠦ ᠪᠣᠯᠭᠠᠬᠤ︾ ᠡᠵᠡᠩᠨᠡᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠮᠡᠷᠭᠡᠵᠢᠯ ᠤᠨ ᠰᠢᠨ᠎ᠡ ᠶᠢ ᠡᠭᠦᠳᠴᠦ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ᠃         ᠵᠣᠬᠢᠶᠠᠭᠴᠢ᠄ ᠸᠠᠩ ᠨᠢᠩ ᠪᠦᠸᠧ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ  
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3