| 1 ᠰᠠᠷ᠎ᠠ ᠶᠢᠨ 9 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠳᠥᠷᠪᠡᠳᠦᠭᠡᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ | ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠡᠷᠡᠭ ᠬᠢᠨᠠᠭᠴᠢᠳ ᠤᠨ ᠵᠥᠪᠯᠡᠯ ᠤᠨ ᠬᠡᠷᠡᠭ | ᠬᠢᠨᠠᠭᠴᠢᠳ ᠤᠨ ᠳᠠᠷᠤᠭ᠎ᠠ ᠸᠠᠩ ᠢᠦᠢ ᠴᠧᠩ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠵᠢᠶᠠᠨ | ᠬᠤᠷᠠᠯ ᠳᠤ ᠤᠷᠤᠯᠴᠠᠪᠠ᠃ | | ᠬᠤᠷᠠᠯ ᠳᠡᠭᠡᠷ᠎ᠡ᠂ ᠠᠵᠢᠯᠲᠠᠳ ᠳᠡᠯᠡᠬᠡᠢ ᠶᠢᠨ ᠤᠯᠠᠭᠠᠨ ᠵᠠᠭᠠᠯᠮᠠᠶᠢᠳᠠᠨ ᠪᠣᠯᠣᠨ ᠤᠯᠠᠭᠠᠨ ᠵᠠᠭᠠᠯᠮᠠᠶᠢᠳᠠᠨ ᠤ | ᠰᠢᠨ᠎ᠡ ᠰᠠᠷ᠎ᠠ ᠶᠢᠨ ᠬᠥᠳᠡᠯᠭᠡᠭᠡᠨ ᠤ ᠦᠨᠳᠦᠰᠦᠨ ᠵᠠᠷᠴᠢᠮ ᠢ ᠤᠩᠰᠢᠨ ᠨᠡᠶᠢᠲᠡᠯᠡᠪᠡ︔ ᠬᠤᠲᠠ ᠶᠢᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠲᠣᠰ ︽ᠹᠧᠩᠵᠧᠨ ᠬᠤᠲᠠ ᠶᠢᠨ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠡᠷᠡᠭ | ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ︾᠂ ︽ᠹᠧᠩᠵᠧᠨ ᠬᠤᠲᠠ ᠶᠢᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ 2023 ᠣᠨ ᠤ ᠬᠠᠨᠳᠢᠪᠯᠡᠭ᠌ᠰᠠᠨ ᠵᠣᠭᠤᠰ ᠮᠥᠩᠭᠦ ᠡᠳ᠋ ᠪᠣᠳᠠᠰ ᠤᠨ ᠣᠷᠣᠯᠭ᠎ᠠ | ᠵᠠᠷᠤᠯᠭ᠎ᠠ ᠶᠢᠨ ᠪᠠᠶᠢᠳᠠᠯ ᠤᠨ ᠮᠡᠳᠡᠭᠦᠯᠦᠯᠲᠡ︾ ᠵᠢᠴᠢ ︽ᠹᠧᠩᠵᠧᠨ ᠬᠤᠲᠠ ᠶᠢᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠳᠥᠷᠪᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ | ᠪᠠᠶᠢᠩᠭᠤ ᠶᠢᠨ ᠬᠡᠷᠡᠭ ᠡᠷᠬᠢᠯᠡᠭᠴᠢ᠂ ᠲᠤᠰᠢᠶᠠᠯ ᠬᠠᠪᠰᠤᠷᠭᠠᠭᠰᠠᠨ ᠳᠡᠳ᠋ ᠳᠠᠷᠤᠭ᠎ᠠ᠂ ᠨᠡᠶᠢᠭᠡᠮᠯᠢᠭ ᠤᠨ ᠳᠠᠷᠤᠭ᠎ᠠ᠂ | ᠨᠡᠷ᠎ᠡ ᠬᠦᠨᠳᠦᠲᠦ ᠳᠡᠳ᠋ ᠳᠠᠷᠤᠭ᠎ᠠ᠂ ᠨᠡᠷ᠎ᠡ ᠬᠦᠨᠳᠦᠲᠦ ᠳᠠᠷᠤᠭ᠎ᠠ ᠶᠢ ᠬᠤᠪᠢᠷᠠᠭᠤᠯᠬᠤ ᠲᠤᠬᠠᠢ ᠮᠡᠳᠡᠭᠦᠯᠦᠯᠲᠡ︾ | ᠬᠢᠪᠡ᠃ ︽ᠹᠧᠩᠵᠧᠨ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ | ᠬᠡᠷᠡᠭ ᠬᠢᠨᠠᠭᠴᠢᠳ ᠤᠨ ᠵᠥᠪᠯᠡᠯ ᠤᠨ 2023 ᠣᠨ ᠤ ᠬᠢᠨᠠᠯᠲᠠ ᠲᠠᠯᠪᠢᠭᠰᠠᠨ ᠪᠠᠶᠢᠳᠠᠯ︾ ᠢ ᠨᠡᠶᠢᠳᠡᠯᠡᠪᠡ᠃ | ᠬᠤᠷᠠᠯ ᠠᠴᠠ ︽ᠹᠧᠩᠵᠧᠨ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠥᠷᠪᠡᠳᠦᠭᠡᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠪᠠᠶᠢᠩᠭᠤ ᠶᠢᠨ ᠬᠡᠷᠡᠭ ᠡᠷᠬᠢᠯᠡᠭᠴᠢ᠂ | ᠲᠤᠰᠢᠶᠠᠯ ᠬᠠᠪᠰᠤᠷᠭᠠᠭᠰᠠᠨ ᠳᠡᠳ᠋ ᠳᠠᠷᠤᠭ᠎ᠠ᠂ ᠨᠡᠶᠢᠭᠡᠮᠯᠢᠭ ᠤᠨ ᠳᠠᠷᠤᠭ᠎ᠠ᠂ ᠨᠡᠷ᠎ᠡ ᠬᠦᠨᠳᠦᠲᠦ ᠳᠡᠳ᠋ ᠳᠠᠷᠤᠭ᠎ᠠ᠂ | ᠨᠡᠷ᠎ᠡ ᠬᠦᠨᠳᠦᠲᠦ ᠨᠡᠶᠢᠭᠡᠮᠯᠢᠭ ᠤᠨ ᠳᠠᠷᠤᠭ᠎ᠠ ᠶᠢ ᠬᠤᠪᠢᠷᠠᠭᠤᠯᠬᠤ ᠲᠤᠬᠠᠢ ᠮᠡᠳᠡᠭᠦᠯᠦᠯᠲᠡ ᠶᠢᠨ ᠰᠢᠢᠳᠪᠦᠷᠢ ᠶᠢᠨ | ᠲᠥᠰᠥᠯ︾᠂ ︽ᠹᠧᠩᠵᠧᠨ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠥᠷᠪᠡᠳᠦᠭᠡᠷ | ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ | ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ ᠲᠥᠰᠥᠯ︾ ᠵᠢᠴᠢ ︽ᠹᠧᠩᠵᠧᠨ ᠬᠤᠳᠠ ᠶᠢᠨ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ 2023 ᠣᠨ ᠤ ᠬᠠᠨᠳᠢᠪᠯᠡᠭ᠌ᠰᠠᠨ ᠵᠣᠭᠤᠰ ᠮᠥᠩᠭᠦ ᠡᠳ᠋ ᠪᠣᠳᠠᠰ ᠤᠨ ᠣᠷᠣᠯᠭ᠎ᠠ | ᠵᠠᠷᠤᠯᠭ᠎ᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢᠨ ᠰᠢᠢᠳᠪᠦᠷᠢ ᠶᠢᠨ ᠲᠥᠰᠥᠯ︾ ᠢ ᠪᠠᠲᠤᠯᠠᠪᠠ᠃ | ᠸᠠᠩ ᠵᠢᠶᠠᠨ ᠳ᠋ᠦᠩᠨᠡᠯ ᠤᠨ ᠶᠠᠷᠢᠶᠠᠨ ᠳᠠᠭᠠᠨ᠄ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ | ᠳᠣᠲᠣᠭᠠᠳᠤ ᠶᠢᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠭᠤᠯᠭ᠎ᠠ ᠨᠢ ᠰᠢᠨᠵᠢᠯᠡᠬᠦ ᠤᠬᠠᠭᠠᠨᠴᠢ᠂ | ᠲᠠᠰ ᠳᠠᠷᠠᠭᠠᠯᠠᠯ ᠨᠢ ᠨᠢᠭᠲᠠ ᠴᠢᠩᠭ᠎ᠠ᠂ ᠢᠵᠢ ᠪᠦᠷᠢᠨ᠂ ᠠᠵᠢᠯᠯᠠᠭᠠᠨ ᠨᠢ ᠪᠦᠲᠦᠮᠵᠢᠲᠡᠶ ᠳᠦᠷᠢᠮ ᠤᠨ | ᠠᠵᠢᠯᠯᠠᠭᠠᠨ ᠤ ᠲᠣᠭᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠨᠡᠶᠢᠭᠡᠮ ᠤᠨ ᠨᠡᠶᠢᠲᠡ ᠶᠢᠨ ᠢᠲᠡᠭᠡᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ | ᠤᠯᠠᠭᠠᠨ ᠵᠠᠭᠠᠯᠮᠠᠶᠢᠲᠠᠨ ᠤ ᠠᠵᠢᠯ ᠭᠡᠬᠦ ᠡᠨᠡᠬᠦ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠡᠷᠬᠢᠮ ᠳᠡᠭᠡᠳᠦ | ᠦᠢᠯᠡᠰ ᠢ ᠰᠠᠶᠢᠲᠤᠷ ᠤᠯᠠᠮᠵᠢᠯᠠᠵᠤ᠂ ᠰᠠᠶᠢᠲᠤᠷ ᠪᠠᠬᠢᠵᠢᠭᠦᠯᠵᠦ᠂ ᠰᠠᠶᠢᠲᠤᠷ ᠬᠥᠭᠵᠢᠭᠦᠯᠵᠦ᠂ ᠮᠠᠨ ᠤ ᠬᠤᠲᠠ ᠶᠢᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠤᠯᠠᠨ ᠬᠥᠮᠦᠯᠢᠭ ᠦᠵᠡᠯ ᠤᠨ | ᠬᠦᠴᠦᠨ ᠴᠢᠳᠠᠯ ᠵᠶ᠋ᠠᠨᠡᠷᠭᠦᠬᠦ ᠬᠡᠷᠡᠭᠳᠡᠢ ᠭᠡᠪᠡ᠃ | | | ᠵᠣᠬᠢᠶᠠᠭᠴᠢ᠄ ᠶᠠᠨ ᠰᠢᠶᠠ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |