ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ︽110 ᠤᠨ ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ ᠬᠠᠷᠢᠯᠴᠠᠨ ᠬᠠᠮᠵᠢᠯᠴᠠᠵᠤ ᠥᠨᠳᠥᠷ ᠪᠦᠲᠦᠮᠵᠢᠲᠡᠶ ᠪᠠᠷ ᠠᠮᠤᠷ ᠲᠣᠭᠲᠠᠭᠤᠨ ᠢ ᠬᠠᠮᠠᠭᠠᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/1/14
   2025 ᠣᠨ ᠤ 1 ᠰᠠᠷ᠎ᠠ ᠶᠢᠨ 10 ᠤ ᠡᠳᠦᠷ ᠪᠣᠯ ᠲᠠᠪᠤᠳᠠᠭᠢ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠪᠣᠯᠬᠤ ᠪᠥᠭᠡᠳ ᠪᠠᠰᠠᠴᠦ ᠪᠥᠬᠦ ᠤᠯᠤᠰ ᠤᠨ 39 ᠳ᠋ᠦᠭᠡᠷ ︽110 ᠤᠨ ᠤᠬᠠᠭᠤᠯᠭ᠎ᠠ ᠶᠢᠨ ᠡᠳᠦᠷ︾ ᠪᠣᠯᠣᠨ᠎ᠠ᠃ ᠴᠠᠭᠳᠠᠭ᠎ᠠ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠠᠷᠠᠳ ᠣᠯᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ︽110 ᠤᠨ ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ ᠬᠠᠷᠢᠯᠴᠠᠨ ᠬᠠᠮᠵᠢᠯᠴᠠᠵᠤ ᠥᠨᠳᠥᠷ ᠪᠦᠲᠦᠮᠵᠢᠲᠡᠶ ᠪᠠᠷ ᠠᠮᠤᠷ ᠲᠣᠭᠲᠠᠭᠤᠨ ᠢ ᠬᠠᠮᠠᠭᠠᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠸᠧᠢ ᠨᠠᠷ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃ ᠲᠤᠰ ᠠᠵᠢᠯᠯᠠᠭ᠎ᠠ ᠶᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠴᠠᠩ ᠰᠢᠶᠠᠩ ᠡᠷᠭᠢᠯᠡᠪᠡ᠃
   ᠠᠵᠢᠯᠯᠠᠭ᠎ᠠ ᠶᠢᠨ ᠳᠤᠮᠳᠠ᠂ ᠡᠩ ᠲᠡᠷᠢᠭᠦᠨ ᠳᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠪᠥᠬᠦ ᠠᠷᠠᠳ ᠤᠨ ᠲᠤᠰᠠᠯᠠᠬᠤ ᠴᠠᠭᠳᠠᠭ᠎ᠠ ᠶᠢᠨ ᠡᠩᠨᠡᠭᠡ ᠲᠡᠷᠢ ᠲᠡᠭᠰᠢ᠂ᠲᠥᠪ ᠬᠢᠴᠢᠶᠡᠩᠭᠦᠢ ᠪᠠᠷ ᠵᠣᠭᠰᠣᠵᠤ᠂ ᠲᠤᠭ ᠬᠠᠮᠠᠭᠠᠯᠠᠬᠤ ᠵᠢᠭᠰᠠᠭᠠᠯ ᠤᠨ ᠠᠩᠭᠢ ᠶᠢᠨ ᠭᠡᠰᠢᠭᠦᠳ ᠡᠷᠡᠰ ᠪᠠᠲᠤ ᠠᠯᠬᠤᠭ᠎ᠠ ᠪᠠᠷ ᠴᠠᠭᠳᠠᠭᠠᠨ ᠤ ᠲᠤᠭ ᠢ ᠵᠢᠭᠳᠡ ᠵᠢᠷᠤᠵᠤ ᠲᠤᠭ ᠮᠠᠨᠳᠤᠭᠤᠯᠬᠤ ᠲᠠᠶᠢᠰᠠᠨ ᠳᠤ ᠭᠠᠷᠪᠠ᠃ ᠰᠦᠷ ᠵᠢᠪᠬᠤᠯᠠᠩᠲᠤ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠳᠠᠭᠤᠤ︾ ᠶᠢ ᠳᠠᠭᠠᠯᠳᠤᠨ᠂ ᠴᠠᠭᠳᠠᠭ᠎ᠠ ᠶᠢᠨ ᠲᠤᠭ ᠥᠷᠯᠥᠭᠡ ᠶᠢᠨ ᠨᠡᠷᠡᠨ ᠤ ᠲᠤᠶᠠᠭ᠎ᠠ ᠶᠢ ᠤᠭᠲᠤᠨ ᠨᠠᠮᠢᠷᠠᠨ᠎ᠠ᠃ ᠤᠯᠠᠨ ᠢᠶᠠᠷ ᠢᠶᠠᠨ ᠡᠷᠬᠢᠮ ᠳᠡᠭᠡᠳᠦ ᠬᠦᠨᠳᠦᠳᠬᠡᠯ ᠢᠶᠠᠷ ᠢᠶᠠᠨ ᠨᠠᠮ ᠪᠠ ᠡᠬᠡ ᠣᠷᠣᠨ ᠳᠠᠭᠠᠨ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠴᠢᠩ ᠦᠨᠡᠨᠴᠢ ᠰᠢᠳᠤᠷᠭᠤ ᠰᠡᠳᠬᠢᠯᠭᠡ ᠪᠠᠨ ᠢᠯᠡᠳᠭᠡᠪᠡ᠃ ᠳᠠᠷᠠᠭ᠎ᠠ ᠪᠠᠷ ᠨᠢ᠂ ᠠᠷᠠᠳ ᠤᠨ ᠲᠠᠯᠠᠪᠠᠶ ᠳᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠭᠦᠭᠡ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ ᠵᠢᠴᠢ 110 ᠤᠨ ᠴᠠᠭᠳᠠᠭ᠎ᠠ ᠳᠤ ᠮᠡᠳᠡᠭᠦᠯᠬᠦ ᠵᠢᠵᠢᠭ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠮᠡᠬᠡᠯᠡᠨ ᠬᠢᠬᠠᠬᠤ ᠶᠢ ᠡᠰᠡᠷᠭᠦᠴᠡᠬᠦ᠂ ᠬᠤᠣᠷᠲᠤ ᠡᠳ᠋ ᠢ ᠴᠠᠭᠠᠵᠠᠯᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠯᠠᠨ ᠲᠦᠮᠡᠨ ᠳᠤ ᠲᠦᠭᠡᠮᠡᠯᠵᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠢᠳᠡᠪᠬᠢᠲᠡᠢ ᠪᠠᠷ ᠬᠤᠷᠢᠶᠠᠭᠰᠠᠨ ᠪᠥᠭᠡᠳ ᠤᠯᠠᠨ ᠲᠦᠮᠡᠨ ᠤ ᠳᠤᠷᠠᠳᠤᠭᠰᠠᠨ ᠡᠯ᠎ᠡ ᠵᠦᠢᠯ ᠤᠨ ᠵᠥᠪᠯᠡᠯᠭᠡ ᠥᠭᠬᠦ ᠪᠠ ᠲᠤᠰᠠᠯᠠᠮᠵᠢ ᠭᠤᠶᠤᠴᠢᠯᠠᠬᠤ ᠠᠰᠠᠭᠤᠳᠠᠯ ᠳᠤ ᠲᠤᠬᠠᠢ ᠶᠢᠨ ᠭᠠᠵᠠᠷ ᠲᠤᠨᠢ ᠬᠠᠷᠢᠭᠤᠯᠲᠠ ᠥᠭᠴᠦ᠂ ᠤᠯᠠᠨ ᠲᠦᠮᠡᠨ ᠤ ᠢᠳᠡᠪᠬᠢᠲᠡᠢ ᠣᠷᠣᠯᠴᠠᠬᠤ ᠶᠢ ᠲᠠᠲᠠᠪᠠ᠃
   ᠲᠤᠰᠬᠠᠢ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢ ᠬᠥᠲᠥᠯᠥᠨ ᠵᠢᠯᠤᠭᠤᠳᠴᠤ᠂ ᠪᠥᠬᠦ ᠬᠤᠲᠠ ᠶᠢᠨ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ 110 ᠤᠨ ᠲᠤᠬᠠᠢ ᠤᠯᠠᠮ ᠨᠢᠭᠡ ᠠᠯᠬᠤᠮ ᠣᠶᠢᠯᠠᠭᠠᠬᠤ᠂ ᠬᠠᠯᠠᠮᠵᠢᠯᠠᠬᠤ᠂ ᠳᠡᠮᠵᠢᠬᠦ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠵᠦ᠂ 110 ᠤᠨ ᠬᠥᠭᠵᠢᠯᠲᠡ ᠶᠢ ᠬᠠᠮᠲᠤᠪᠠᠷ ᠠᠬᠢᠭᠤᠯᠬᠤ᠂ ︽ᠠᠮᠤᠷ ᠠᠮᠤᠭᠤᠯᠠᠩ ᠬᠠᠤᠯᠢ ᠳᠦᠷᠢᠮᠲᠦ ᠹᠧᠩᠵᠧᠨ︾ ᠢ ᠪᠠᠶᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ 110 ᠤᠨ ᠴᠠᠭᠳᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠰᠢᠨ᠎ᠡ ᠨᠢᠭᠡᠨ ᠳᠡᠭᠲᠡᠷ ᠲᠤ ᠭᠠᠷᠬᠤ ᠶᠢ ᠲᠦᠯᠬᠢᠨ ᠠᠬᠢᠭᠤᠯᠪᠠ᠃       ᠵᠣᠬᠢᠶᠠᠭᠴᠢ᠄ ᠸᠠᠩ ᠨᠢᠩ ᠪᠦᠸᠧ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3