| ᠠᠭᠠᠷ ᠤᠨ ᠳᠤᠯᠠᠭᠠᠨ ᠤ ᠳᠣᠷᠣᠭᠰᠢᠯᠠᠬᠤ ᠶᠢ ᠳᠠᠭᠠᠯᠳᠤᠨ ᠠᠮᠢᠰᠬᠤᠯ ᠤᠨ ᠵᠠᠮ ᠤᠨ ᠡᠪᠡᠳᠴᠢᠨ ᠣᠯᠠᠰᠢᠷᠠᠳᠠᠭ᠃ | 1 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠹᠧᠩᠵᠧᠨ ᠬᠤᠲᠠ ᠶᠢᠨ ᠶᠡᠷᠦᠩᠬᠡᠢ ᠡᠮᠨᠡᠯᠭᠡ ᠶᠢᠨ | ᠬᠤᠷᠢᠶᠠᠨ ᠤ ᠲᠥᠪ ᠲᠣᠭᠤᠷᠢᠭ ᠲᠤ ᠬᠦᠷᠴᠦ ᠲᠤᠬᠠᠢ ᠶᠢᠨ ᠭᠠᠵᠠᠷ ᠢᠶᠠᠷ ᠰᠤᠷᠪᠤᠯᠵᠢᠯᠠᠪᠠ᠃ ᠠᠮᠢᠰᠬᠤᠯ ᠤᠨ | ᠳᠣᠲᠣᠷ ᠰᠠᠯᠠᠭ᠎ᠠ ᠪᠠ ᠬᠡᠦᠬᠡᠳ ᠤᠨ ᠰᠠᠯᠠᠭᠠᠨ ᠤ ᠡᠮᠨᠡᠭᠦᠯᠬᠦ ᠪᠠᠷ ᠬᠦᠯᠢᠶᠡᠵᠦ ᠪᠠᠶᠢᠭ᠎ᠠ ᠡᠪᠡᠳᠴᠢᠳᠡᠨ ᠤ ᠣᠷᠣᠨ ᠳᠤ᠂ | ᠡᠮᠨᠡᠭᠦᠯᠬᠦ ᠪᠠᠷ ᠬᠦᠯᠢᠶᠡᠵᠦ ᠪᠠᠶᠢᠭ᠎ᠠ ᠡᠪᠡᠳᠴᠢᠲᠡᠨ ᠤᠷᠲᠤ ᠮᠥᠷᠯᠡᠨ ᠵᠢᠭᠰᠠᠵᠤ ᠪᠠᠶᠢᠬᠤ ᠶᠢ ᠰᠤᠷᠪᠤᠯᠵᠢᠯᠠᠭᠴᠢ ᠣᠯᠵᠤ | ᠬᠠᠷᠠᠪᠠ᠃ ᠡᠳᠡᠭᠡᠷ ᠡᠪᠡᠳᠴᠢᠲᠡᠨ ᠤ ᠣᠯᠠᠩᠬᠢ ᠨᠢ ᠬᠠᠨᠢᠶᠠᠬᠤ᠂ ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ | ᠭᠠᠷᠴᠤ᠂ ᠡᠪᠡᠳᠴᠢᠨ ᠤ ᠦᠷᠭᠦᠯᠵᠢᠯᠡᠬᠦ ᠦᠶᠡᠯᠡᠯ ᠨᠢ ᠨᠡᠯᠢᠶᠡᠳ ᠤᠷᠲᠤ ᠪᠠᠶᠢᠳᠠᠭ᠃ | | | | | | ᠣᠶᠢᠷ᠎ᠠ ᠶᠢᠨ ᠬᠤᠭᠤᠴᠠᠭᠠᠨ ᠳᠤ᠂ ᠠᠮᠢᠰᠬᠤᠯ ᠤᠨ ᠰᠢᠰᠲ᠋ᠧᠮ ᠤᠨ ᠡᠪᠡᠳᠴᠢᠨ ᠳᠤ ᠣᠯᠠᠨ ᠵᠦᠢᠯ ᠤᠨ | ᠡᠪᠡᠳᠴᠢᠨ ᠡᠭᠦᠰᠬᠡᠭᠴᠢ ᠳᠠᠪᠬᠤᠴᠠᠬᠤ᠂ ᠡᠭᠡᠯᠵᠢᠯᠡᠨ ᠳᠡᠯᠭᠡᠷᠡᠬᠦ ᠣᠨᠴᠠᠯᠢᠭ ᠢᠯᠡᠷᠡᠵᠦ᠂ ᠬᠠᠯᠳᠠᠪᠤᠷᠢᠲᠤ | ᠲᠠᠭᠰᠢᠭᠤᠷ ᠤᠨ ᠬᠡᠯᠪᠡᠷᠢ ᠶᠢᠨ ᠡᠪᠡᠳᠴᠢᠨ ᠤ ᠵᠢᠱᠢᠶ᠎ᠡ ᠶᠢᠨ ᠡᠵᠡᠯᠡᠬᠦ ᠬᠠᠷᠢᠴᠠᠯ ᠲᠠᠰᠤᠷᠠᠯᠲᠠ ᠦᠭᠡᠢ ᠳᠡᠭᠡᠭᠰᠢᠯᠡᠵᠦ | ᠪᠠᠶᠢᠨ᠎ᠠ᠃ ᠣᠯᠠᠨ ᠵᠦᠢᠯ ᠤᠨ ᠡᠪᠡᠳᠴᠢᠨ ᠡᠭᠦᠰᠬᠡᠭᠴᠢ ᠶᠢᠨ ᠪᠠᠶᠢᠴᠠᠭᠠᠯᠲᠠ ᠶᠢᠨ ᠳ᠋ᠦᠩ ᠠᠴᠠ ᠦᠵᠡᠪᠡᠯ᠂ | ᠬᠠᠯᠳᠠᠪᠤᠷᠢᠲᠤ ᠲᠠᠭᠰᠢᠭᠤᠷ ᠤᠨ ᠬᠡᠯᠪᠡᠷᠢ ᠶᠢᠨ ᠡᠪᠡᠳᠴᠢᠨ ᠤ ᠵᠢᠱᠢᠶ᠎ᠡ ᠳᠠᠬᠢ A ᠬᠡᠯᠪᠡᠷᠢ ᠶᠢᠨ ᠲᠠᠭᠰᠢᠭᠤᠷ ᠤᠨ | ᠸᠢᠷᠦ᠋ᠰ᠂ ᠰᠠᠯᠠᠭᠠᠲᠤ ᠠᠩᠬᠠᠨ ᠤ ᠪᠡᠶ᠎ᠡ ᠶᠢᠨ ᠸᠢᠷᠦ᠋ᠰ᠂ ᠪᠤᠯᠴᠢᠷᠬᠠᠢ ᠶᠢᠨ ᠸᠢᠷᠦ᠋ᠰ ᠵᠡᠷᠭᠡ ᠡᠪᠡᠳᠴᠢᠨ | ᠡᠭᠦᠰᠬᠡᠭᠴᠢ ᠶᠢᠨ ᠪᠠᠶᠢᠴᠠᠭᠠᠵᠤ ᠭᠠᠷᠭᠠᠭᠰᠠᠨ ᠠᠷᠭ᠎ᠠ ᠴᠢᠨᠠᠷ ᠤᠨ ᠨᠣᠷᠮ᠎ᠠ ᠨᠢ ᠨᠡᠯᠢᠶᠡᠳ ᠥᠨᠳᠥᠷ ᠪᠠᠶᠢᠵᠤ᠂ | ᠡᠭᠦᠨ ᠳᠤ A ᠤᠷᠤᠰᠬᠠᠯ ᠤᠨ ᠪᠠᠶᠢᠴᠠᠭᠠᠵᠤ ᠭᠠᠷᠭᠠᠭᠰᠠᠨ ᠠᠷᠭ᠎ᠠ ᠴᠢᠨᠠᠷ ᠤᠨ ᠨᠣᠷᠮ᠎ᠠ ᠨᠢ 90% ᠶᠢ ᠳᠠᠪᠠᠵᠤ᠂ | A ᠬᠡᠯᠪᠡᠷᠢ ᠶᠢᠨ H1N1 ᠳᠡᠳ᠋ ᠬᠡᠯᠪᠡᠷᠢ ᠪᠠᠷ ᠭᠤᠣᠯᠯᠠᠵᠤ ᠪᠠᠶᠢᠨ᠎ᠠ᠃ | | | | ᠵᠣᠬᠢᠶᠠᠭᠴᠢ᠄ ᠶᠠᠨ ᠰᠢᠶᠠ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |