ᠮᠠᠨ ᠤ ᠬᠤᠲᠠ ᠶᠢᠨ ᠬᠢᠨ 2025 ᠣᠨ ᠤ ᠠᠵᠢᠯ ᠠᠴᠠ ᠪᠠᠨ ᠲᠠᠷᠬᠠᠯᠠᠬᠳᠠᠵᠤ ᠠᠮᠠᠷᠠᠭᠰᠠᠨ ᠺᠠᠳ᠋ᠷᠴᠤᠳ ᠤᠨ ᠴᠠᠭᠠᠨ ᠰᠠᠷ᠎ᠠ ᠶᠢ ᠤᠭᠲᠤᠬᠤ ᠴᠠᠶᠢᠯᠠᠯᠭ᠎ᠠ ᠬᠢᠪᠡ
ᠨᠡᠶᠢᠲᠡᠯᠡᠭᠰᠡᠨ ᠴᠠᠭ᠄
2025/1/14
    1 ᠰᠠᠷ᠎ᠠ ᠶᠢᠨ 10 ᠤ ᠡᠳᠦᠷ᠂ ᠮᠠᠨ ᠤ ᠬᠤᠲᠠ ᠶᠢᠨ ᠬᠢᠨ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠲᠤ ᠠᠵᠢᠯ ᠠᠴᠠ ᠪᠠᠨ ᠲᠠᠷᠬᠠᠯᠠᠬᠳᠠᠵᠤ ᠠᠮᠠᠷᠠᠭᠰᠠᠨ ᠺᠠᠳ᠋ᠷᠴᠤᠳ ᠤᠨ ᠴᠠᠭᠠᠨ ᠰᠠᠷ᠎ᠠ ᠶᠢ ᠤᠭᠲᠤᠬᠤ ᠴᠠᠶᠢᠯᠠᠯᠭ᠎ᠠ ᠬᠢᠪᠡ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠠᠵᠢᠯ ᠠᠴᠠ ᠪᠠᠨ  ᠲᠠᠷᠬᠠᠯᠠᠬᠳᠠᠵᠤ ᠠᠮᠠᠷᠠᠭᠰᠠᠨ ᠠᠬᠠᠮᠠᠳ ᠺᠠᠳ᠋ᠷᠴᠤᠳ ᠤᠨ ᠲᠥᠯᠥᠭᠡᠯᠡᠭᠴᠢᠳ ᠲᠠᠢ ᠨᠢᠭᠡ ᠲᠢᠩᠭᠢᠮ ᠳᠤ ᠴᠤᠭᠯᠠᠷᠠᠵᠤ᠂ ᠤᠯᠠᠨ ᠤ ᠰᠠᠨᠠᠭᠤᠯᠭ᠎ᠠ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠥᠩᠭᠡᠷᠡᠭᠰᠡᠨ ᠨᠢᠭᠡ ᠵᠢᠯ ᠤᠨ ᠣᠯᠣᠭᠰᠠᠨ ᠠᠮᠵᠢᠯᠲᠠ ᠪᠠᠨ ᠬᠠᠮᠲᠤᠪᠠᠷ ᠡᠷᠭᠢᠴᠡᠭᠦᠯᠵᠦ᠂ ᠰᠢᠨ᠎ᠡ ᠨᠢᠭᠡ ᠵᠢᠯ ᠤᠨ ᠡᠯ᠎ᠡ ᠵᠦᠢᠯ ᠤᠨ ᠠᠵᠢᠯ ᠢᠶᠠᠨ  ᠬᠦᠰᠡᠮᠵᠢᠯᠡᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠳᠠ ᠶᠢᠨ ᠳᠠᠷᠤᠭ᠎ᠠ ᠸᠧᠢ ᠭᠦᠸᠧ ᠴᠦᠨ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠯᠠᠢ ᠴᠢᠤᠸᠠᠨ ᠨᠠᠷ ᠰᠠᠭᠤᠳᠠᠯ ᠤᠨ ᠬᠤᠷᠠᠯ ᠳᠤ ᠣᠷᠣᠯᠴᠠᠪᠠ᠃ ᠰᠠᠭᠤᠳᠠᠯ ᠤᠨ ᠬᠤᠷᠠᠯ ᠢ ᠶᠠᠩ ᠯᠠᠢ ᠴᠢᠤᠸᠠᠨ ᠡᠷᠬᠢᠯᠡᠪᠡ᠃    ᠬᠥᠬᠡᠭᠡ ᠡᠪᠦᠯ ᠤᠨ ᠤᠯᠠᠷᠢᠯ ᠳᠤ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠤᠨ ᠭᠠᠵᠠᠷ ᠪᠣᠯᠭᠠᠨ ᠳᠤ ᠬᠠᠯᠠᠭᠤᠨ ᠳᠤᠯᠠᠭᠠᠨ ᠪᠠᠶᠠᠷ ᠬᠦᠷ ᠲᠠᠢ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠨ᠎ᠠ᠃ ᠯᠢ ᠶᠢᠩ ᠵᠡᠷᠭᠡ ᠬᠤᠳᠠ ᠶᠢᠨ ᠤᠳᠤᠷᠢᠳᠤᠯᠭ᠎ᠠ ᠨᠠᠷ ᠠᠬᠠᠮᠠᠳ ᠨᠥᠬᠦᠳ ᠲᠠᠢ ᠨᠢᠭᠡ ᠲᠠᠩᠬᠢᠮ ᠳᠤ ᠴᠤᠭᠯᠠᠷᠠᠵᠤ᠂ ᠳᠣᠲᠣᠨᠣ ᠪᠠᠷ ᠰᠠᠨᠠᠯ ᠢᠶᠠᠨ ᠰᠣᠯᠢᠯᠴᠠᠨ ᠶᠠᠷᠢᠯᠴᠠᠵᠤ᠂ ᠬᠥᠭᠵᠢᠯᠲᠡ ᠶᠢᠨ ᠰᠠᠶᠢᠨ ᠠᠷᠭ᠎ᠠ ᠪᠣᠳᠣᠯᠭ᠎ᠠ ᠶᠢ ᠬᠠᠮᠲᠤᠪᠠᠷ ᠳᠡᠪᠰᠢᠭᠦᠯᠵᠦ᠂ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠠᠮᠲᠤᠪᠠᠷ ᠶᠠᠷᠢᠯᠴᠠᠪᠠ᠃
   ᠰᠠᠭᠤᠳᠠᠯ ᠤᠨ ᠬᠤᠷᠠᠯ ᠳᠡᠭᠡᠷ᠎ᠡ᠂ ᠸᠧᠢ ᠭᠦᠸᠧ ᠴᠦᠨ ᠤᠯᠠᠨ ᠳᠤ 2024 ᠣᠨ ᠤ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠵᠦ᠂ ᠥᠩᠭᠡᠷᠡᠭᠰᠡᠨ ᠨᠢᠭᠡ ᠵᠢᠯ ᠳᠤ ᠥᠷᠨᠢᠭᠦᠯᠦᠭᠰᠡᠨ ᠭᠤᠣᠯ ᠠᠵᠢᠯ ᠵᠢᠴᠢ ᠣᠯᠣᠭᠰᠠᠨ ᠰᠢᠨ᠎ᠡ ᠠᠮᠵᠢᠯᠲᠠ ᠶᠢ ᠬᠢᠨᠠᠮᠠᠭᠠᠢ ᠡᠷᠭᠢᠴᠡᠭᠦᠯᠪᠡ᠃ ᠠᠬᠠᠮᠠᠳ ᠺᠠᠳ᠋ᠷ ᠤᠨ ᠲᠥᠯᠥᠭᠡᠯᠡᠭᠴᠢ ᠵᠣᠣ ᠴᠢᠩ ᠢᠦᠢ᠂ ᠹᠠᠨ ᡁᠢ ᠯᠠᠨ᠂ ᠵᠠᠩ ᠽᠥᠩ ᠢ ᠵᠡᠷᠭᠡ ᠠᠬᠠᠮᠠᠳ ᠨᠥᠬᠦᠳ ᠥᠪᠡᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠮᠠᠨ ᠤ ᠬᠤᠲᠠ ᠶᠢᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ ᠶᠠᠷᠢᠶ᠎ᠠ ᠲᠠᠯᠪᠢᠵᠠᠭᠠᠪᠠ᠃ ᠲᠡᠳᠡ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠹᠧᠩᠵᠧᠨ ᠤ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠠᠩᠬᠠᠷᠴᠤ᠂ ᠬᠤᠲᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠪᠦᠬᠦ ᠬᠦᠴᠦ ᠪᠠᠷ ᠢᠶᠠᠨ ᠳᠡᠮᠵᠢᠵᠦ᠂ ᠹᠧᠩᠵᠧᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠪᠣᠯᠣᠨ ᠣᠶᠤᠨ ᠤᠬᠠᠭᠠᠨ ᠢᠶᠠᠨ ᠡᠷᠭᠦᠨ᠎ᠡ ᠬᠡᠵᠦ ᠰᠠᠨᠠᠯ ᠨᠢᠭᠡᠲᠡᠢ ᠢᠯᠡᠳᠭᠡᠵᠡᠭᠡᠪᠡ᠃
   ᠯᠢ ᠶᠢᠩ ᠡᠩ ᠲᠡᠷᠢᠭᠦᠨ ᠳᠤ ᠲᠦᠷᠪᠡᠨ ᠶᠡᠭᠡ ᠪᠠᠭ ᠤᠨ ᠡᠮᠦᠨ᠎ᠡ ᠠᠴᠠ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠲᠤ ᠴᠠᠭᠠᠨ ᠰᠠᠷ᠎ᠠ ᠶᠢᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠢᠶᠠᠨ ᠳᠡᠪᠰᠢᠭᠦᠯᠪᠡ᠃ ᠯᠢ ᠶᠢᠩ᠄ᠠᠬᠠᠮᠠᠳ ᠺᠠᠳ᠋ᠷᠴᠤᠳ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ᠂ ᠮᠠᠨ ᠤ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ᠂ ᠤᠯᠤᠰ ᠲᠥᠷᠥ ᠶᠢᠨ ᠲᠦᠪᠰᠢᠷᠡᠯ ᠪᠦᠯᠬᠦᠮᠳᠡᠯ ᠢ ᠪᠠᠲᠤᠯᠠᠬᠤ᠂ ᠨᠡᠶᠢᠭᠡᠮ ᠤᠨ ᠪᠥᠬᠦ ᠲᠠᠯ᠎ᠠ ᠶᠢᠨ ᠳᠠᠪᠰᠢᠯᠲᠠ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠨᠢ ᠴᠥᠮ ᠥᠷᠭᠡᠨ ᠣᠯᠠᠨ ᠠᠬᠠᠮᠠᠳ ᠤᠳᠤᠷᠢᠳᠤᠯᠭ᠎ᠠ᠂ ᠠᠬᠠᠮᠠᠳ ᠺᠠᠳ᠋ᠷᠴᠤᠳ ᠤᠨ ᠴᠢᠩ ᠰᠡᠳᠬᠢᠯ ᠤᠨ ᠬᠠᠯᠠᠮᠵᠢᠯᠠᠯ ᠪᠠ ᠪᠥᠬᠦ ᠬᠦᠴᠦᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠤᠴᠢᠷ ᠠᠴᠠ ᠡᠯ᠎ᠡ ᠠᠬᠠᠮᠠᠳ ᠤᠳᠤᠷᠢᠳᠤᠯᠭ᠎ᠠ ᠪᠤᠯᠤᠨ ᠠᠬᠠᠮᠠᠳ ᠺᠠᠳ᠋ᠷ ᠨᠠᠷ ᠥᠩᠭᠡᠷᠡᠭᠰᠡᠨ ᠲᠠᠢ ᠪᠠᠨ ᠠᠳᠠᠯᠢ ᠪᠠᠷ ᠬᠤᠳᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠲᠡᠮᠵᠢᠵᠤ᠂  ᠹᠧᠩᠵᠧᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠹᠧᠩᠵᠧᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠪᠡ᠃          ᠵᠣᠬᠢᠶᠠᠭᠴᠢ᠄ ᠰᠢᠤᠸᠠᠨ ᠶᠠᠨ  ᠪᠠᠢ ᠯᠢ ᠨᠠ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3