ᠹᠧᠩᠵᠧᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠠᠯᠪᠠᠨ ᠠᠴᠠ ᠡᠷᠭᠢᠯᠡᠭᠰᠡᠨ ᠬᠡᠦᠬᠡᠳ ᠰᠠᠭᠠᠲᠠᠭᠤᠯᠬᠤ ᠪᠠᠶᠢᠭᠤᠯᠤᠮᠵᠢ ︱ ︱ ᠴᠢ ᡁᠢ ᠬᠡᠦᠬᠡᠳ ᠤᠨ ᠴᠡᠴᠡᠷᠯᠢᠭ ᠵᠢᠩᠬᠢᠨᠢ ᠪᠠᠷ ᠴᠡᠴᠡᠷᠯᠢᠭ ᠢᠶᠠᠨ ᠨᠡᠭᠡᠭᠡᠵᠦ ᠰᠤᠷᠬᠤ ᠨᠠᠰᠤᠨ ᠠᠴᠠ ᠡᠮᠦᠨᠡᠬᠢ ᠬᠡᠦᠬᠡᠳ ᠢ ᠭᠥᠯᠢᠶᠡᠨ ᠠᠪᠴᠤ ᠰᠤᠷᠭᠠᠭᠤᠯᠢ ᠳᠤ ᠣᠷᠣᠭᠤᠯᠪᠠ
ᠨᠡᠶᠢᠲᠡᠯᠡᠭᠰᠡᠨ ᠴᠠᠭ᠄
2025/1/14
  ᠣᠶᠢᠷ᠎ᠠ ᠳᠤ᠂ ᠰᠤᠷᠪᠤᠯᠵᠢᠯᠠᠭᠴᠢ ᠬᠤᠯᠪᠣᠭᠳᠠᠯ ᠪᠦᠬᠦᠢ ᠲᠠᠯ᠎ᠠ ᠠᠴᠠ ᠮᠠᠨ ᠤ ᠬᠤᠲᠠ ᠶᠢᠨ ᠰᠢᠨ᠎ᠡ ᠲᠣᠭᠤᠷᠢᠭ ᠲᠤ ᠰᠢᠨ᠎ᠡ ᠪᠠᠷ ᠪᠠᠶᠢᠭᠤᠯᠤᠭᠰᠠᠨ ᠠᠯᠪᠠᠨ ᠠᠴᠠ ᠡᠷᠭᠢᠯᠡᠭᠰᠡᠨ ᠬᠡᠦᠬᠡᠳ ᠰᠠᠭᠠᠲᠠᠭᠤᠯᠬᠤ ᠪᠠᠶᠢᠭᠤᠯᠤᠮᠵᠢ ︱ ᠴᠢ ᡁᠢ ᠬᠡᠦᠬᠡᠳ ᠤᠨ ᠴᠡᠴᠡᠷᠯᠢᠭ ᠵᠢᠩᠬᠢᠨᠢ ᠪᠠᠷ ᠡᠬᠢᠯᠡᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠰᠤᠷᠬᠤ ᠨᠠᠰᠤᠨ ᠠᠴᠠ ᠡᠮᠦᠨᠡᠬᠢ ᠬᠡᠦᠬᠡᠳ ᠢ ᠰᠤᠷᠭᠠᠭᠤᠯᠢ ᠳᠤ ᠣᠷᠣᠭᠤᠯᠵᠤ᠂ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠶᠢ ᠤᠶᠢᠯᠠᠭᠠᠪᠠ᠃
   ᠹᠧᠩᠵᠧᠨ ᠬᠤᠲᠠ ᠶᠢᠨ ᠴᠢ ᡁᠢ ᠬᠡᠦᠬᠡᠳ ᠤᠨ ᠴᠡᠴᠡᠷᠯᠢᠭ ᠢ ᠤᠯᠤᠰ ᠤᠨ ᠪᠠᠷᠢᠮᠵᠢᠶ᠎ᠠ ᠶᠣᠰᠣᠭᠠᠷ 10000 ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ 4500 ᠲᠡᠭᠰᠢ ᠳᠥᠷᠪᠡᠯᠵᠢᠨ ᠮᠧᠲᠷ ᠪᠠᠷᠢᠯᠭ᠎ᠠ ᠶᠢᠨ ᠲᠠᠯᠠᠪᠠᠶ ᠲᠠᠢ᠂ 3500 ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠤᠭᠰᠠᠨ ᠲᠠᠯᠠᠪᠠᠶ ᠲᠠᠢ ᠪᠠᠶᠢᠭᠤᠯᠪᠠ᠃ ᠴᠡᠴᠡᠷᠯᠢᠭ ᠤᠨ ᠳᠣᠲᠣᠷ᠎ᠠ ᠬᠡᠦᠬᠡᠳ ᠤᠨ ᠠᠮᠢᠳᠤᠷᠠᠯ᠂ ᠲᠣᠭᠯᠠᠭᠠᠮ ᠪᠠ ᠰᠤᠷᠭᠠᠨ ᠬᠥᠮᠦᠵᠢᠯ ᠤᠨ ᠲᠡᠷᠢᠭᠦᠨ ᠲᠠᠰ ᠤᠨ ᠪᠡᠯᠡᠳᠬᠡᠮᠵᠢ ᠲᠠᠢ ᠪᠠᠶᠢᠵᠤ᠂ ᠡᠯ᠎ᠡ ᠴᠢᠳᠠᠮᠵᠢᠲᠤ ᠣᠷᠣᠨ ᠳᠤ ᠴᠥᠮ ᠬᠡᠦᠬᠡᠳ ᠤᠨ ᠪᠤᠶᠢᠵᠢᠯᠲᠠ ᠶᠢᠨ ᠱᠠᠭᠠᠷᠳᠠᠯᠭ᠎ᠠ ᠶᠣᠰᠣᠭᠠᠷ ᠵᠢᠷᠤᠭᠯᠠᠨ ᠪᠠᠶᠢᠷᠢᠯᠠᠭᠤᠯᠵᠤ᠂ ᠴᠡᠴᠡᠷᠯᠢᠭ ᠤᠨ ᠳᠣᠲᠣᠷ᠎ᠠ ᠪᠦᠷᠢᠨ ᠲᠡᠭᠦᠯᠳᠡᠷ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠳᠦᠷᠢᠮ ᠪᠠ ᠴᠢᠩᠭ᠎ᠠ ᠨᠢᠮᠪᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠲᠠᠢ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠠᠵᠢᠯᠲᠠᠨ ᠤ ᠡᠩᠨᠡᠭᠡ ᠲᠠᠢ᠂ ᠥᠨᠳᠥᠷ ᠬᠡᠪ ᠪᠣᠯᠪᠠᠰᠤᠷᠠᠯ ᠲᠠᠢ᠂ ᠥᠨᠳᠥᠷ ᠡᠬᠢᠯᠡᠯᠲᠡ ᠲᠠᠢ᠃ ᠴᠢ ᡁᠢ ᠬᠡᠦᠬᠡᠳ ᠤᠨ ᠴᠡᠴᠡᠷᠯᠢᠭ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠨᠢ ᠬᠠᠷᠢᠶᠠᠲᠤ ᠣᠷᠣᠨ ᠤ ᠡᠷᠬᠢᠨ ᠲᠣᠭᠤᠷᠢᠨ ᠤ ᠭᠡᠷ ᠪᠦᠯᠢ ᠳᠤ ᠠᠯᠪᠠᠨ ᠠᠴᠠ ᠡᠷᠭᠢᠯᠡᠭᠰᠡᠨ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ ᠬᠠᠩᠭᠠᠵᠤ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠴᠡᠴᠡᠷᠯᠢᠭ ᠲᠤ ᠣᠷᠣᠬᠤ ᠬᠡᠷᠡᠭᠴᠡᠭᠡ ᠶᠢ ᠦᠨᠡᠨᠬᠦ ᠰᠢᠢᠳᠪᠦᠷᠢᠯᠡᠬᠦ ᠪᠣᠯᠣᠨ᠎ᠠ᠃
   ᠰᠤᠷᠪᠤᠯᠵᠢᠯᠠᠭᠴᠢ ᠴᠢ ᡁᠢ ᠬᠡᠦᠬᠡᠳ ᠤᠨ ᠴᠡᠴᠡᠷᠯᠢᠭ ᠲᠤ ᠣᠷᠣᠬᠤ ᠳᠤ ᠶᠠᠭᠤᠨ ᠤ ᠡᠮᠦᠨ᠎ᠡ ᠥᠷᠭᠡᠨ ᠠᠭᠤᠳᠠᠮ ᠪᠡᠶ᠎ᠡ  ᠶᠢᠨ ᠲᠠᠮᠢᠷ ᠤᠨ ᠲᠠᠯᠠᠪᠠᠶ᠂ ᠥᠩᠭᠡᠲᠦ ᠭᠦᠶᠦᠯᠲᠡ ᠶᠢᠨ ᠵᠠᠮ᠂ ᠭᠤᠶᠣ ᠰᠠᠶᠢᠬᠠᠨ ᠭᠤᠯᠭᠤᠭᠤᠷ ᠱᠠᠲᠤ᠂ ᠬᠠᠮ ᠮᠣᠳᠣᠨ ᠬᠥᠭᠦᠷᠭᠡ ᠵᠡᠷᠭᠡ ᠵᠤᠭ᠎ᠠ ᠴᠡᠩᠭᠡᠯ ᠤᠨ ᠲᠥᠬᠦᠭᠡᠷᠦᠮᠵᠢ ᠶᠢ ᠲᠡᠷᠢ ᠲᠡᠭᠰᠢ ᠲᠠᠯᠪᠢᠵᠤ ᠪᠠᠶᠢᠭ᠎ᠠ ᠨᠢ ᠨᠢᠳᠦᠨ ᠳᠤ ᠲᠣᠳᠣᠬᠠᠨ ᠬᠠᠷᠠᠭᠳᠠᠨ᠎ᠠ᠃ ᠬᠢᠴᠢᠶᠡᠯ ᠤᠨ ᠭᠡᠷ ᠨᠢ ᠠᠭᠤᠵᠢᠮ ᠪᠥᠭᠡᠳ ᠬᠠᠯᠠᠭᠤᠨ ᠳᠤᠯᠠᠭᠠᠨ᠂ ᠴᠤ᠋ ᠰᠢᠨ᠎ᠡ ᠰᠢᠷᠡᠭᠡ ᠰᠠᠨᠳᠠᠯᠢ ᠶᠢ ᠲᠡᠷᠢ ᠲᠡᠭᠰᠢ ᠲᠠᠯᠪᠢᠵᠤ᠂ ᠮᠠᠰᠢ ᠰᠠᠶᠢᠨ ᠬᠡᠷᠡᠯ ᠲᠠᠢ ᠴᠣᠩᠬᠤᠨ ᠤ ᠬᠠᠵᠠᠭᠤ ᠳᠤ ᠡᠯ᠎ᠡ ᠵᠦᠢᠯ ᠤᠨ ᠵᠢᠷᠤᠭ ᠤᠨ ᠳᠡᠪᠲᠡᠷ ᠪᠠ ᠣᠶᠤᠨ ᠳᠤ ᠲᠤᠰᠠᠲᠠᠢ ᠲᠣᠭᠯᠠᠭᠠᠮ ᠤᠨ ᠵᠦᠢᠯ ᠤᠳ ᠢ ᠳᠡᠯᠭᠡᠨ ᠲᠠᠯᠪᠢᠵᠤ ᠪᠠᠶᠢᠳᠠᠭ᠃ ᠬᠠᠨᠠᠨ ᠳᠡᠭᠡᠷ᠎ᠡ ᠨᠢ ᠪᠠᠭᠰᠢ ᠨᠠᠷ ᠤᠨ ᠬᠡᠦᠬᠡᠳ ᠤᠨ ᠰᠣᠨᠢᠷᠬᠠᠯ ᠢᠶᠠᠷ ᠪᠢᠯᠬᠠᠮ᠎ᠠ ᠭᠤᠣᠯ ᠰᠡᠳᠦᠪᠲᠦ ᠡᠭᠦᠳᠦᠯᠲᠡ ᠶᠢ ᠨᠠᠷᠢᠨ ᠨᠢᠮᠪᠠᠢ ᠵᠣᠬᠢᠶᠠᠨ ᠪᠦᠲᠦᠭᠡᠵᠦ᠂ ᠰᠡᠬᠡᠭᠡᠷᠡᠭᠦᠯᠬᠦ ᠬᠥᠮᠦᠵᠢᠯ ᠤᠨ ᠠᠭᠤᠷ ᠠᠮᠢᠰᠬᠤᠯ ᠢᠶᠠᠷ ᠪᠢᠯᠬᠠᠨ᠎ᠠ᠃ ᠬᠥᠳᠡᠯᠭᠡᠭᠡᠨ ᠤ ᠲᠠᠰᠤᠭ ᠤᠨ ᠲᠥᠬᠦᠭᠡᠷᠦᠮᠵᠢ ᠪᠠᠶᠠᠯᠢᠭ ᠣᠯᠠᠨ ᠶᠠᠩᠵᠤ ᠶᠢᠨ᠂ ᠵᠢᠷᠤᠭ ᠤᠨ ᠪᠠᠭᠠᠵᠢ ᠬᠡᠷᠡᠭᠰᠡᠯ ᠢᠶᠠᠷ ᠳᠦᠭᠦᠷᠦᠭᠰᠡᠨ ᠤᠷᠠᠨ ᠰᠠᠶᠢᠬᠠᠨ ᠤ ᠠᠵᠢᠯ ᠤᠨ ᠲᠣᠭᠤᠷᠢᠭ᠂ ᠵᠡᠷᠭᠡᠯᠡᠭᠡ ᠮᠣᠳᠣ ᠪᠠ ᠵᠦᠢᠮᠡᠯ ᠵᠢᠷᠤᠭ ᠣᠪᠣᠭᠠᠯᠠᠭᠰᠠᠨ ᠪᠠᠷᠢᠯᠭ᠎ᠠ ᠶᠢᠨ ᠲᠣᠭᠤᠷᠢᠭ᠂ ᠪᠠᠰᠠ ᠦᠵᠡᠭᠳᠡᠯ ᠢ ᠳᠠᠭᠤᠷᠢᠶᠠᠭᠰᠠᠨ ᠳᠦᠷᠢ ᠲᠣᠭᠯᠠᠬᠤ ᠲᠣᠭᠤᠷᠢᠭ ᠵᠡᠷᠭᠡ ᠨᠢ ᠬᠡᠦᠬᠡᠳ ᠲᠤ ᠤᠷᠭᠤᠭᠤᠯᠤᠨ ᠪᠣᠳᠣᠯᠲᠠ ᠪᠠ ᠡᠭᠦᠳᠦᠨ ᠪᠦᠲᠦᠭᠡᠬᠦ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠣᠷᠣᠨ ᠵᠠᠢ ᠬᠠᠩᠭᠠᠵᠤ ᠥᠭᠭᠦᠭᠰᠡᠨ ᠪᠠᠶᠢᠨ᠎ᠠ᠂ ᠡᠨᠡ ᠨᠢ ᠬᠡᠦᠬᠡᠳ ᠤᠳ ᠲᠤ ᠤᠷᠭᠤᠭᠤᠯᠤᠨ ᠪᠣᠳᠣᠯᠲᠠ ᠪᠠ ᠡᠭᠦᠳᠦᠨ ᠪᠦᠲᠦᠭᠡᠬᠦ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠣᠷᠣᠨ ᠵᠠᠢ ᠬᠠᠩᠭᠠᠭᠰᠠᠨ ᠪᠠᠶᠢᠨ᠎ᠠ᠃ ᠲᠣᠭᠤᠭᠠᠨ ᠭᠡᠷ ᠲᠤ ᠤᠷᠤᠬᠤ ᠳᠤ᠂ ᠴᠡᠪᠡᠷ ᠴᠡᠮᠴᠡᠭᠡᠷ ᠣᠷᠴᠢᠨ ᠲᠣᠭᠤᠷᠢᠨ ᠬᠥᠮᠥᠰ ᠤᠨ ᠰᠡᠳᠬᠢᠯ ᠢ ᠠᠭᠤᠵᠢᠷᠠᠭᠤᠯᠤᠨ᠎ᠠ᠃ ᠭᠢᠯᠲᠠᠭᠠᠨᠠᠮ᠎ᠠ ᠭᠠᠯ ᠲᠣᠭᠤᠭᠠᠨ ᠤ ᠬᠡᠷᠡᠭᠰᠡᠯ ᠢ ᠡᠮᠬᠢ ᠵᠢᠷᠤᠮ ᠲᠠᠢ ᠲᠠᠯᠪᠢᠵᠤ᠂ ᠢᠳᠡᠭᠡᠨ ᠤ ᠮᠠᠲ᠋ᠧᠷᠢᠶᠠᠯ ᠢ ᠲᠥᠷᠥᠯ ᠬᠤᠪᠢᠶᠠᠨ ᠬᠠᠳᠠᠭᠠᠯᠠᠵᠤ᠂ ᠠᠷᠢᠭᠤᠨ ᠴᠡᠪᠡᠷ ᠤᠨ ᠬᠠᠮᠢᠶᠠᠷᠤᠯᠲᠠ ᠶᠢᠨ ᠴᠢᠩᠭ᠎ᠠ ᠳᠦᠷᠢᠮ ᠢ ᠬᠡᠷᠡᠮ ᠳᠤ ᠢᠯᠡ ᠨᠡᠶᠢᠲᠡᠯᠡᠵᠦ᠂ ᠠᠳᠡ ᠠᠴᠠ ᠬᠦᠷᠭᠡᠵᠦ ᠥᠭᠭᠦᠭᠰᠡᠨ ᠬᠤᠭᠤᠯᠠ ᠪᠣᠯᠭᠠᠨ ᠳᠤ ᠴᠥᠮ ᠬᠡᠦᠬᠡᠳ ᠤᠨ ᠡᠷᠡᠭᠦᠯ  ᠢᠶᠠᠷ ᠦᠰᠦᠨ ᠪᠣᠶᠢᠵᠢᠬᠤ ᠶᠢᠨ ᠬᠠᠷᠢᠭᠤᠴᠠᠯᠭ᠎ᠠ ᠪᠠ ᠬᠠᠶᠢᠷ᠎ᠠ ᠬᠠᠯᠠᠮᠵᠢ ᠶᠢ ᠠᠴᠢᠶᠠᠯᠠᠵᠤ᠂ ᠬᠡᠦᠬᠡᠳ ᠤᠨ ᠰᠢᠮ᠎ᠡ ᠲᠡᠵᠢᠭᠡᠯ ᠲᠠᠢ᠂ ᠰᠠᠨᠠᠭ᠎ᠠ ᠠᠮᠤᠷ ᠢᠳᠡᠬᠦ ᠶᠢ ᠪᠠᠲᠤᠯᠠᠳᠠᠭ᠃
   ᠴᠢ ᡁᠢ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠪᠣᠯ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠬᠡᠦᠬᠡᠳ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠬᠡᠦᠬᠡᠳ ᠤᠨ ᠴᠡᠴᠡᠷᠯᠢᠭ ᠲᠤ ᠣᠷᠣᠬᠤ ᠳᠤ ᠲᠥᠬᠦᠮ ᠦᠵᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃      ᠵᠣᠬᠢᠶᠠᠭᠴᠢ᠄ ᠪᠠᠢ ᠯᠢ ᠨᠠ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3