︽ᠳᠡᠷᠭᠡᠳᠡᠬᠢ ᠦᠯᠢᠭᠡᠷ ᠳᠠᠭᠤᠷᠢᠶᠠᠯ︾
ᠨᠡᠶᠢᠲᠡᠯᠡᠭᠰᠡᠨ ᠴᠠᠭ᠄
2025/1/14
            —— ᠠᠯᠲᠠ ᠣᠯᠣᠭᠰᠠᠨ ᠴᠤ ᠬᠤᠪᠢᠨ ᠳᠠᠭᠠᠨ ᠦᠯᠡᠳᠡᠭᠡᠭᠦ ᠦᠭᠡᠢ ᠨᠡᠶᠢᠲᠡ ᠶᠢᠨ ᠮᠠᠰᠢᠨ ᠤ ᠵᠢᠯᠣᠭᠤᠴᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ    1ᠰᠠᠷ᠎ᠠ ᠶᠢᠨ 6 ᠤ ᠣᠷᠣᠢ ᠶᠢᠨ 18 ᠴᠠᠭ 30 ᠮᠢᠨᠦ᠋ᠲ ᠤᠨ ᠦᠶ᠎ᠡ ᠪᠠᠷ᠂ ᠨᠢᠭᠡᠨ ᠠᠶᠠᠨᠴᠢᠨ 1 ᠳ᠋ᠦᠭᠡᠷ ᠱᠤᠭᠤᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠳᠠᠭᠠᠨ ᠰᠠᠨᠠᠮᠰᠠᠷ ᠦᠭᠡᠢ ᠪᠠᠷ 200 ᠲᠥᠭᠦᠷᠢᠭ ᠤᠨ ᠵᠣᠭᠤᠰ ᠢᠶᠠᠨ ᠨᠡᠶᠢᠲᠡ ᠶᠢᠨ ᠮᠠᠰᠢᠨ ᠲᠡᠷᠭᠡᠨ ᠳᠤ ᠬᠠᠶᠠᠵᠠᠢ᠃ ᠵᠣᠯ ᠢᠶᠠᠷ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠸᠧᠨ ᠶᠠᠨ ᠰᠢᠶᠠ ᠮᠠᠰᠢᠨ ᠲᠡᠷᠭᠡᠨ ᠤ ᠠᠷᠢᠭᠤᠨ ᠴᠡᠪᠡᠷ ᠢ ᠴᠡᠪᠡᠷᠯᠡᠬᠦ ᠳᠡᠭᠡᠨ  ᠬᠠᠶᠠᠭᠰᠠᠨ ᠵᠣᠭᠤᠰ ᠢ ᠣᠯᠵᠤ ᠠᠪᠴᠠᠢ᠃ ᠸᠧᠨ ᠶᠠᠨ ᠰᠢᠶᠠ ᠥᠴᠥᠬᠡᠨ ᠴᠦ ᠲᠠᠲᠠᠭᠠᠯᠵᠠᠯ ᠦᠭᠡᠢ ᠪᠠᠷ ᠳᠠᠷᠤᠢ ᠲᠦᠷᠭᠡᠨ ᠪᠠᠶᠢᠭᠤᠯᠭ᠎ᠠ ᠳᠠᠭᠠᠨ ᠲᠤᠰᠢᠶᠠᠵᠤ᠂ ᠵᠤᠭᠤᠰ ᠢᠶᠠᠨ ᠭᠡᠭᠡᠭᠰᠡᠨ ᠡᠵᠡᠨ ᠢ ᠦᠳᠳᠡᠷ ᠲᠦᠷᠭᠡᠨ ᠴᠢᠷᠮᠠᠶᠢᠨ ᠡᠷᠢᠵᠦ᠂ 1 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ ᠡᠵᠡᠨ ᠳᠤᠨᠢ ᠪᠤᠴᠠᠭᠠᠪᠠ᠃
    ᠵᠤᠭᠤᠰ ᠢᠶᠠᠨ ᠭᠡᠭᠡᠭᠰᠡᠨ ᠠᠶᠠᠨᠴᠢᠨ ᠸᠧᠨ ᠶᠠᠨ ᠰᠢᠶᠠ ᠶᠢᠨ ᠠᠯᠲᠠ ᠣᠯᠣᠭᠰᠠᠨ ᠴᠤ ᠬᠤᠪᠢᠨ ᠳᠠᠭᠠᠨ ᠦᠯᠡᠳᠡᠭᠡᠭᠦ ᠦᠭᠡᠢ ᠪᠠᠶᠢᠬᠤ ᠠᠵᠢᠯᠯᠠᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠭᠡᠪᠡ᠃ ᠲᠡᠭᠦᠨ ᠤ ᠰᠠᠶᠢᠨ ᠦᠢᠯᠡ ᠠᠵᠢᠯᠯᠠᠭ᠎ᠠ ᠨᠢ ᠠᠶᠠᠨᠴᠢᠨ ᠤ ᠠᠵᠤ ᠠᠬᠤᠢ ᠶᠢᠨ ᠬᠤᠬᠢᠷᠠᠯ ᠢ ᠡᠭᠡᠭᠦᠯᠵᠦ ᠠᠪᠴᠢᠷᠠᠭᠰᠠᠨ ᠢᠶᠠᠷ ᠪᠠᠷᠠᠬᠤ ᠦᠭᠡᠢ᠂ ᠨᠡᠩ ᠴᠤ ᠠᠶᠠᠨᠴᠢᠳ ᠲᠤ ᠬᠠᠯᠠᠭᠤᠨ ᠳᠤᠯᠠᠭᠠᠨ ᠪᠠ ᠴᠠᠶᠢᠯᠭᠠᠨ ᠰᠡᠳᠬᠢᠯ ᠢ ᠮᠡᠳᠡᠷᠡᠭᠦᠯᠦᠭᠰᠡᠨ ᠪᠠᠶᠢᠨ᠎ᠠ᠃ ᠸᠧᠨ ᠶᠠᠨ ᠰᠢᠶᠠ ᠪᠣᠳᠠᠲᠤ ᠠᠵᠢᠯᠯᠠᠭ᠎ᠠ ᠪᠠᠷ ᠢᠶᠠᠨ ᠠᠯᠲᠠ ᠣᠯᠣᠭᠠᠳ ᠠ‍‌ᠬᠤᠪᠢᠨ ᠳᠠᠭᠠᠨ ᠦᠯᠡᠳᠡᠭᠡᠭᠦ ᠦᠭᠡᠢ ᠤᠯᠠᠮᠵᠢᠯᠠᠯᠲᠤ ᠰᠠᠶᠢᠬᠠᠨ ᠰᠤᠷᠲᠠᠯ ᠢ ᠲᠠᠶᠢᠯᠪᠤᠷᠢᠯᠠᠵᠤ᠂ ᠹᠧᠩᠵᠧᠨ ᠤ ᠮᠠᠰᠢᠨ ᠲᠡᠷᠭᠡᠨ ᠤ ᠵᠢᠯᠤᠭᠤᠴᠢ ᠶᠢᠨ ᠡᠷᠬᠢᠮ ᠳᠡᠭᠡᠳᠦ ᠵᠠᠩ ᠴᠢᠨᠠᠷ ᠪᠠ ᠲᠤᠬᠠᠶᠢᠯᠠᠭᠰᠠᠨ ᠠᠵᠢᠯ ᠤᠨ ᠬᠡᠪ ᠰᠤᠷᠲᠠᠯ ᠢ ᠬᠠᠷᠠᠭᠤᠯᠪᠠ᠃ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠦᠭᠡ ᠲᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠥᠷᠭᠡᠨ ᠣᠯᠠᠨ ᠠᠶᠠᠨᠴᠢᠳ ᠲᠤ ᠠᠮᠤᠷ ᠲᠦᠪᠰᠢᠨ᠂ ᠳᠥᠭᠦᠮ ᠳᠥᠲᠡ᠂ ᠴᠢᠨᠠᠷ ᠰᠠᠶᠢᠲᠠᠢ ᠶᠠᠪᠤᠵᠤ ᠰᠠᠭᠤᠬᠤ ᠦᠢᠯᠡᠴᠢᠯᠡᠭᠡ ᠬᠠᠩᠭᠠᠬᠤ ᠶᠢᠨ ᠬᠠᠮᠲᠤ ᠪᠠᠰᠠ ᠥᠪᠡᠷ ᠤᠨ ᠰᠠᠶᠢᠨ ᠶᠠᠪᠤᠳᠠᠯ ᠵᠢᠷᠤᠮ ᠤᠨ ᠦᠶᠯᠡ ᠠᠵᠢᠯᠯᠠᠭ᠎ᠠ ᠪᠠᠷ ᠢᠶᠠᠨ ᠳᠦᠭᠦᠷᠡᠩ ᠢᠳᠡᠪᠬᠢ ᠬᠦᠴᠦᠨ ᠢ ᠳᠠᠮᠵᠢᠭᠤᠯᠪᠠ᠃        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3