︽ᠬᠠᠮᠲᠤᠪᠠᠷ ᠵᠠᠰᠠᠵᠤ ᠬᠠᠮᠳᠤᠪᠠᠷ ᠡᠳ᠋ᠯᠡᠵᠦ ᠬᠠᠮᠳᠤᠪᠠᠷ ᠬᠦᠰᠡᠯ ᠵᠡᠭᠦᠳᠦ ᠪᠠᠨ ᠴᠤᠭᠴᠠᠯᠠᠬᠤ ᠪᠤᠯᠤᠨ ᠡᠶᠡᠯᠳᠡᠭ ᠰᠠᠶᠢᠬᠠᠨ ᠠᠮᠢᠳᠤᠷᠠᠯ ᠤᠨ ᠶᠠᠷᠢᠶᠠᠨ ᠤ ᠰᠤᠷᠳᠠᠯ︾
ᠨᠡᠶᠢᠲᠡᠯᠡᠭᠰᠡᠨ ᠴᠠᠭ᠄
2025/1/2
        —— ᠹᠧᠩᠵᠧᠨ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠬᠢᠨ ᠵᠠᠰᠠᠭ ᠤᠨ ᠣᠷᠳᠣᠨ ᠤ ᠠᠯᠪᠠᠨ ᠭᠡᠷ ᠵᠡᠷᠭᠡ ᠨᠢᠭᠡᠴᠡ ᠲᠠᠢ ᠬᠠᠮᠲᠤᠷᠠᠨ ︽ᠪᠦᠯᠬᠦᠮᠳᠡᠨ ᠲᠡᠮᠡᠴᠡᠵᠦ᠂ ᠬᠤᠯᠠ ᠶᠢᠨ ᠠᠶᠠᠨ ᠳᠤ ᠪᠠᠨ ᠬᠦᠰᠡᠯ ᠵᠡᠭᠦᠳᠦ ᠪᠠᠨ ᠲᠡᠷᠭᠡᠯᠰᠢᠯᠡᠬᠦᠯᠦᠶ᠎ᠡ︾ ᠭᠡᠬᠦ ᠰᠢᠨ᠎ᠡ ᠤᠨ ᠢᠶᠠᠨ ᠪᠡᠯᠭᠡᠯᠡᠨ ᠴᠠᠭᠠᠨ ᠰᠠᠷ᠎ᠠ ᠶᠢ ᠤᠭᠲᠤᠬᠤ ᠤᠷᠠᠨ ᠰᠠᠶᠢᠬᠠᠨ ᠤ ᠦᠳᠡᠰᠢᠯᠡᠭᠡ ᠡᠷᠬᠢᠯᠡᠪᠡ     2024 ᠣᠨ ᠤ 12 ᠰᠠᠷ᠎ᠠ ᠶᠢᠨ 31 ᠤ ᠣᠷᠣᠢ᠂ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ  ᠬᠢᠨ ᠵᠠᠰᠠᠭ ᠤᠨ ᠣᠷᠳᠣᠨ ᠤ ᠠᠯᠪᠠᠨ ᠭᠡᠷ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ ᠵᠢᠴᠢ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠭᠠᠵᠠᠷ ᠤᠨ ᠬᠢᠨ ᠲᠠᠢ ᠬᠠᠮᠳᠤᠷᠠᠨ ︽ᠪᠦᠯᠬᠦᠮᠳᠡᠨ ᠲᠡᠮᠡᠴᠡᠵᠦ᠂ ᠬᠤᠯᠠ ᠶᠢᠨ ᠠᠶᠠᠨ ᠳᠤ ᠪᠠᠨ ᠬᠦᠰᠡᠯ ᠵᠡᠭᠦᠳᠦ ᠪᠠᠨ ᠲᠡᠷᠭᠡᠯᠰᠢᠯᠡᠬᠦᠯᠦᠶ᠎ᠡ︾ ᠭᠡᠬᠦ ᠰᠢᠨ᠎ᠡ ᠤᠨ ᠢᠶᠠᠨ ᠪᠡᠯᠭᠡᠯᠡᠨ ᠴᠠᠭᠠᠨ ᠰᠠᠷ᠎ᠠ ᠶᠢ ᠤᠭᠲᠤᠬᠤ ᠤᠷᠠᠨ ᠰᠠᠶᠢᠬᠠᠨ ᠤ ᠦᠳᠡᠰᠢᠯᠡᠭᠡ ᠡᠷᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠰᠢᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ ᠵᠢᠴᠢ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠭᠠᠵᠠᠷ ᠤᠨ ᠬᠢᠨ ᠤ ᠺᠠᠳ᠋ᠷ ᠠᠵᠢᠯᠲᠠᠨ ᠠᠵᠢᠯᠴᠢᠳ ᠨᠢᠭᠡ ᠲᠢᠩᠭᠢᠮ ᠳᠤ ᠴᠤᠭᠯᠠᠷᠠᠵᠤ᠂ 2025 ᠣᠨ ᠤ ᠰᠢᠨ᠎ᠡ ᠤᠨ ᠢᠶᠠᠨ ᠬᠠᠮᠲᠤᠪᠠᠷ ᠤᠭᠲᠤᠪᠠ᠃
   ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠭᠰᠠᠨ ᠤᠯᠠᠮᠵᠢᠯᠠᠯᠲᠤ ᠠᠷᠰᠯᠠᠨ ᠪᠥᠵᠢᠭ ᠤᠨ ᠲᠣᠭᠯᠠᠯᠲᠠ ᠶᠢᠨ ᠳᠤᠮᠳᠠ ᠦᠳᠡᠰᠢᠯᠡᠭᠡ ᠶᠢᠨ ᠬᠥᠰᠢᠭᠡ ᠶᠢ ᠰᠡᠬᠦᠪᠡ᠃ ᠦᠳᠡᠰᠢᠯᠡᠭᠡ ᠨᠢ ᠳᠠᠭᠤᠤ᠂ ᠪᠥᠵᠢᠭ᠂ ᠰᠢᠯᠦᠭ ᠤᠶᠠᠩᠭᠠᠯᠠᠬᠤ᠂ᠭᠤᠷᠪᠠᠨ ᠥᠭᠦᠯᠡᠪᠦᠷᠢ ᠬᠠᠭᠠᠰ ᠵᠡᠷᠭᠡ ᠣᠯᠠᠨ ᠬᠡᠯᠪᠡᠷᠢ ᠶᠢᠨ ᠭᠤᠶᠢᠳᠠ ᠰᠠᠶᠢᠬᠠᠨ ᠲᠣᠭᠯᠠᠯᠲᠠ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠴᠤᠭ ᠵᠢᠪᠬᠤᠭ᠎ᠠ ᠲᠠᠢ᠂ ᠤᠷᠤᠭᠰᠢᠯᠠᠨ ᠳᠠᠪᠰᠢᠬᠤ ︽ᠴᠤᠭ ᠰᠦᠯᠳᠡ︾ ᠶᠢ ᠭᠦᠢᠴᠡᠳ ᠢᠯᠡᠷᠡᠭᠦᠯᠵᠦ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠳᠤ ᠦᠢᠯᠡᠴᠢᠯᠡᠬᠦ︾ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠤᠲᠠ ᠶᠢᠨ ᠨᠠᠮ ᠤᠨ ᠬᠤᠷᠢᠶ᠎ᠠ ᠶᠢᠨ ︽ᠪᠠᠲᠤ ᠴᠢᠩᠭ᠎ᠠ ᠡᠮᠦᠨ᠎ᠡ ᠬᠠᠷᠠᠭᠤᠯ︾ᠪᠠ ︽ᠠᠷᠤ ᠬᠦᠷᠢᠶ᠎ᠡ ᠪᠠᠨ ᠪᠠᠬᠢᠵᠢᠭᠦᠯᠬᠦ︾ ᠠᠵᠢᠯ ᠢ ᠡᠷᠡᠰ ᠢᠶᠠᠷ ᠬᠢᠵᠦ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠠᠶᠠᠨ ᠵᠠᠮ ᠢᠶᠠᠨ ᠰᠠᠶᠢᠲᠤᠷ ᠵᠠᠮᠨᠠᠵᠤ᠂ ᠰᠢᠨ᠎ᠡ ᠵᠢᠳᠬᠦᠯ ᠴᠢᠷᠮᠠᠶᠢᠯᠭ᠎ᠠ ᠪᠠᠨ ᠳᠡᠯᠭᠡᠨ ᠦᠵᠡᠭᠦᠯᠵᠦ᠂ ᠦᠵᠡᠰᠬᠦᠯᠡᠩᠲᠦ ᠰᠠᠶᠢᠬᠠᠨ ᠹᠧᠩᠵᠧᠨ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠡᠷᠡᠰ ᠪᠠᠲᠤ ᠢᠲᠡᠭᠡᠯ ᠵᠣᠷᠢᠭ ᠢᠶᠠᠨ ᠢᠯᠡᠳᠭᠡᠪᠡ︕          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3