ᠯᠢ ᠱᠦ ᠸᠧᠢ ᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2025/1/2
   ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠥᠷᠲᠡᠭ ᠤᠨ ᠦᠵᠡᠯᠲᠡ ᠲᠠᠢ ᠪᠤᠯᠭᠠᠨ᠂ ᠬᠥᠮᠥᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠤᠪᠴᠢᠯᠠᠬᠤ ᠶᠢᠨ ᠲᠦᠯᠦᠭᠡ᠂ ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠦ ᠸᠧᠢ ᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠲᠤ ᠦᠵᠡᠯ ᠰᠠᠨᠠᠭ᠎ᠠ ᠤᠯᠤᠰ ᠲᠥᠷᠥ ᠶᠢᠨ ᠠᠮᠢᠳᠤᠯᠢᠭ ᠬᠢᠴᠢᠶᠡᠯ ᠤᠷᠤᠪᠠ᠃
   ᠬᠢᠴᠢᠶᠡᠯ ᠤᠷᠤᠬᠤ ᠶᠠᠪᠤᠴᠠ ᠳᠤ᠂ ᠯᠢ ᠱᠦ ᠸᠧᠢ ︽ᠰᠡᠳᠬᠢᠯ ᠰᠢᠭᠤᠳᠤᠨ ᠵᠣᠷᠢᠭᠲᠠᠢ ᠪᠠᠷ ᠠᠵᠢᠯᠯᠠᠵᠤ᠂ ᠪᠡᠶ᠎ᠡ ᠪᠠᠷ ᠢᠶᠠᠨ ᠴᠢᠷᠮᠠᠶᠢᠵᠤ ᠪᠠᠶᠢᠭᠠᠳ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠥᠨ ᠪᠣᠯᠬᠤ ᠪᠠᠷ ᠲᠡᠮᠡᠴᠡᠶ᠎ᠡ︾ ᠭᠡᠬᠦ ᠰᠡᠳᠦᠪ ᠢᠶᠠᠷ ᠦᠵᠡᠯ ᠰᠠᠨᠠᠭ᠎ᠠ ᠤᠯᠤᠰ ᠲᠦᠷᠦ ᠶᠢᠨ ᠲᠤᠰᠬᠠᠢ ᠰᠡᠳᠦᠪᠲᠦ ᠬᠢᠴᠢᠶᠡᠯ ᠤᠷᠤᠪᠠ᠃ ᠲᠡᠷᠡ ᠲᠡᠦᠬᠡ ᠶᠢᠨ ᠯᠣᠷᠵᠣᠣ ᠪᠣᠯᠣᠨ ᠣᠳᠣᠬᠠᠨ ᠤ ᠬᠠᠯᠠᠮᠰᠢᠯ ᠠᠰᠠᠭᠤᠳᠠᠯ ᠲᠠᠢ ᠤᠶᠠᠯᠳᠤᠭᠤᠯᠤᠨ᠂ ᠶᠣᠰᠣ ᠰᠤᠷᠲᠠᠬᠤᠨ ᠤ ᠦᠢᠯᠡ ᠠᠵᠢᠯᠯᠠᠭ᠎ᠠ ᠶᠢ ᠲᠡᠷᠢᠭᠦᠨ ᠳᠤ ᠲᠠᠯᠪᠢᠬᠤ᠂ ᠥᠪᠡᠷ ᠤᠨ ᠪᠡᠶ᠎ᠡ ᠪᠠᠨ ᠴᠦᠯᠡᠵᠦ ᠪᠤᠰᠤᠳ ᠲᠤ ᠦᠢᠯᠡᠴᠢᠯᠡᠬᠦ᠂ ᠵᠠᠯᠠᠭᠤ ᠨᠠᠰᠤ ᠪᠠᠨ ᠨᠠᠨᠳᠢᠩᠨᠠᠬᠤ᠂ ᠵᠠᠯᠠᠭᠤ ᠨᠠᠰᠤ ᠪᠠᠨ ᠦᠯᠦ ᠬᠥᠰᠡᠷᠳᠡᠭᠦᠯᠬᠦ᠂ ᠠᠯᠤᠰ ᠤᠨ ᠵᠣᠷᠢᠯᠲᠠ ᠲᠠᠢ ᠪᠠᠶᠢᠬᠤ᠂ ᠴᠢᠷᠮᠠᠶᠢᠨ ᠲᠡᠮᠡᠴᠡᠵᠦ ᠠᠮᠵᠢᠯᠲᠠ ᠣᠯᠬᠤ᠂ ᠰᠢᠷᠭᠠᠭᠤ ᠰᠤᠷᠤᠯᠴᠠᠬᠤ᠂ ᠰᠤᠷᠤᠯᠴᠠᠯᠭ᠎ᠠ ᠪᠠᠷ ᠴᠢᠳᠠᠪᠤᠷᠢᠲᠠᠨ ᠪᠣᠯᠬᠤ ᠵᠡᠷᠭᠡ ᠲᠠᠯ᠎ᠠ ᠪᠠᠷ ︽ᠰᠡᠳᠬᠢᠯ ᠰᠢᠭᠤᠳᠤᠨ ᠶᠣᠰᠣ ᠰᠤᠷᠲᠠᠬᠤᠨ ᠢ ᠪᠤᠢ ᠪᠣᠯᠭᠠᠵᠤ ᠪᠡᠶ᠎ᠡ ᠪᠠᠨ ᠲᠣᠭᠲᠠᠨᠢᠭᠤᠯᠬᠤ︾ ᠶᠢᠨ ᠠᠭᠤᠯᠤᠭᠳᠠᠬᠤᠨ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠪᠠᠰᠠ ᠰᠤᠷᠤᠭᠴᠢᠳ ᠤᠨ ᠰᠤᠷᠤᠯᠴᠠᠯᠭ᠎ᠠ ᠪᠠ ᠠᠮᠢᠳᠤᠷᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠰᠤᠷᠤᠭᠴᠢᠳ ᠢ ᠵᠢᠯᠣᠭᠤᠳᠤᠨ ᠠᠯᠤᠰ ᠬᠡᠳᠦ ᠶᠢᠨ ᠬᠦᠰᠡᠯᠡᠩ ᠢ ᠬᠡᠷᠬᠢᠨ ᠪᠤᠢ ᠪᠣᠯᠭᠠᠬᠤ᠂ ᠰᠠᠶᠢᠨ ᠰᠠᠶᠢᠬᠠᠨ ᠵᠠᠩ ᠮᠣᠷᠠᠯ ᠢ ᠬᠥᠮᠥᠵᠢᠭᠦᠯᠬᠦ ᠪᠠ ᠥᠪᠡᠷ ᠤᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠶᠢ ᠰᠡᠳᠭᠢᠭᠦᠯᠪᠡ᠃    ᠲᠣᠰ ᠤᠳᠠᠭᠠᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠨᠢ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠡᠦᠬᠡᠳ ᠤᠳ ᠢ ᠬᠠᠪᠰᠤᠷᠤᠨ ᠡᠷᠬᠢᠮ ᠳᠡᠭᠡᠳᠦ ᠬᠦᠰᠡᠯᠡᠩ ᠪᠠ ᠢᠲᠡᠭᠡᠯ ᠵᠣᠷᠢᠭ ᠢ ᠪᠣᠶ ᠪᠤᠯᠭᠠᠪᠠ᠃ ᠰᠤᠷᠭᠠᠭᠤᠯᠢ ᠨᠢ ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠠᠭᠤᠯᠭ᠎ᠠ ᠶᠢ ᠪᠠᠶᠠᠯᠢᠭᠵᠢᠭᠤᠯᠤᠨ᠂ ᠵᠢᠭᠠᠨ ᠰᠤᠷᠭᠠᠬᠤ ᠠᠷᠭ᠎ᠠ ᠶᠢᠨ ᠰᠢᠨ᠎ᠡ ᠶᠢ ᠡᠭᠦᠳᠴᠦ᠂ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠰᠤᠷᠤᠭᠴᠢᠳ ᠢ ᠲᠠᠰᠤᠷᠠᠯᠲᠠ ᠦᠭᠡᠢ ᠬᠥᠲᠥᠯᠥᠨ ᠵᠢᠯᠤᠭᠤᠳᠴᠤ ᠪᠠᠶᠢᠭᠠᠳ ᠬᠥᠮᠥᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠭᠤᠯᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠵᠤ᠂ ᠡᠷᠲᠡ ᠨᠢᠭᠡᠨ ᠡᠳᠦᠷ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠥᠨ ᠪᠤᠯᠬᠤ ᠶᠢ ᠠᠬᠢᠭᠤᠯᠤᠨ᠎ᠠ᠃        ᠵᠣᠬᠢᠶᠠᠭᠴᠢ᠄ ᠵᠢᠶᠠ ᠯᠢ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3