| 12 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠹᠧᠩᠵᠧᠨ ᠤ | ᠨᠢᠭᠡᠳᠦᠭᠡᠷ ᠳᠤᠮᠳᠠᠳᠤ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠬᠢᠴᠢᠶᠡᠯᠯᠡᠵᠦ᠂ | ᠬᠤᠲᠠ ᠶᠢᠨ ᠤᠳᠤᠷᠢᠳᠤᠯᠭ᠎ᠠ ᠵᠠᠩ ᠰᠢᠨ ᠤᠷᠤᠯᠴᠠᠪᠠ᠃ | | ᠬᠢᠴᠢᠶᠡᠯ ᠤᠨ ᠲᠢᠩᠭᠢᠮ ᠳᠤ᠂ ᠯᠢ ᠶᠢᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠭᠤᠣᠯ ᠰᠢᠵᠢᠮ ᠢ ᠪᠠᠲᠤ ᠪᠤᠢ ᠪᠣᠯᠭᠠᠬᠤ ᠶᠢᠨ ᠲᠣᠭᠤᠷᠢᠨ ᠳᠤ᠂ ︽ᠢᠲᠡᠭᠡᠯ ᠵᠣᠷᠢᠭ ᠢᠶᠠᠨ | ᠪᠠᠲᠤᠳᠬᠠᠵᠤ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ ᠥᠪᠡᠷ ᠢ ᠪᠠᠨ ᠢᠲᠡᠭᠡᠵᠦ ᠥᠪᠡᠷ ᠢ ᠪᠠᠨ | ᠬᠦᠴᠦᠷᠬᠡᠭᠵᠢᠭᠦᠯᠬᠦ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ︾ ᠭᠡᠬᠦ ᠰᠡᠳᠦᠪ ᠢᠶᠠᠷ ︽ | ᠥᠩᠭᠡᠷᠡᠭᠰᠡᠨ ᠢᠶᠠᠨ ᠡᠷᠭᠢᠴᠡᠭᠦᠯᠵᠦ᠂ ᠢᠷᠡᠭᠡᠳᠦᠢ ᠪᠠᠨ ᠪᠠᠷᠠᠯᠠᠨ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠬᠤ︾ | ᠭᠤᠷᠪᠠᠨ ᠲᠠᠯ᠎ᠠ ᠠᠴᠠ ᠥᠷᠭᠡᠨ ᠤᠯᠠᠨ ᠪᠠᠭᠰᠢ ᠰᠤᠷᠤᠭᠴᠢᠳ ᠲᠤ ᠦᠵᠡᠯ ᠰᠠᠨᠠᠭ᠎ᠠ ᠤᠯᠤᠰ ᠲᠦᠷᠦ ᠶᠢᠨ ᠭᠤᠶᠢᠳᠠ | ᠰᠠᠶᠢᠬᠠᠨ ᠬᠢᠴᠢᠶᠡᠯ ᠤᠷᠤᠪᠠ᠃ | ᠬᠢᠴᠢᠶᠡᠯ ᠲᠡᠭᠡᠷ᠎ᠡ᠂ ᠯᠢ ᠶᠢᠩ ᠣᠳᠣᠬᠠᠨ ᠤ ᠴᠠᠭ ᠦᠶ᠎ᠡ ᠶᠢᠨ ᠠᠬᠤᠢ ᠪᠠᠶᠢᠳᠠᠯ ᠪᠣᠯᠣᠨ ᠲᠡᠦᠬᠡᠲᠦ ᠡᠭᠦᠷᠭᠡ | ᠬᠠᠷᠢᠭᠤᠴᠠᠯᠭ᠎ᠠ ᠪᠠᠨ ᠭᠦᠨᠵᠡᠭᠡᠢ ᠵᠠᠳᠠᠯᠵᠤ᠂ ᠤᠯᠤᠰ ᠤᠨ ᠬᠥᠭᠵᠢᠯᠲᠡ ᠠᠴᠠ ᠣᠷᠣᠨ ᠨᠤᠲᠤᠭ ᠤᠨ ᠪᠦᠲᠦᠭᠡᠨ | ᠪᠠᠶᠢᠭᠤᠯᠤᠯᠲᠠ ᠬᠦᠷᠲᠡᠯ᠎ᠡ᠂ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠬᠤ ᠠᠴᠠ ᠨᠡᠶᠢᠭᠡᠮ ᠤᠨ | ᠬᠠᠷᠢᠭᠤᠴᠠᠯᠭ᠎ᠠ ᠡᠭᠦᠷᠭᠡᠯᠡᠯ ᠬᠦᠷᠲᠡᠯ᠎ᠡ᠂ ᠲᠤᠰ ᠤᠳᠠᠭ᠎ᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ | ᠭᠤᠣᠯ ᠠᠭᠤᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ ᠰᠤᠷᠤᠭᠴᠢᠳ ᠢ ᠵᠥᠪ | ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ ᠪᠠ ᠦᠷᠳᠡᠭ ᠤᠨ ᠦᠵᠡᠯᠲᠡ ᠲᠠᠢ ᠪᠣᠯᠭᠠᠬᠤ ᠪᠠᠷ | ᠬᠥᠲᠥᠯᠥᠨ ᠵᠢᠯᠤᠭᠤᠳᠴᠤ᠂ ᠬᠠᠮᠲᠤ ᠰᠤᠷᠤᠭᠴᠢᠳ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠠᠯᠤᠰ ᠤᠨ ᠵᠣᠷᠢᠯᠲᠠ ᠲᠠᠢ᠂ ᠯᠠᠪᠳᠠᠭᠤᠨ ᠪᠠᠲᠤᠲᠠᠢ ᠠᠵᠢᠯᠯᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠪᠠ᠃ | ᠡᠨᠡ ᠤᠳᠠᠭᠠᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠨᠢ ᠬᠠᠮᠲᠤ ᠰᠤᠷᠤᠭᠴᠢᠳ ᠲᠤ ᠶᠡᠭᠡ | ᠠᠰᠢᠭ ᠲᠤᠰᠠ ᠬᠦᠷᠳᠡᠭᠡᠪᠡ᠃ ᠲᠤᠰ ᠤᠳᠠᠭ᠎ᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢᠶᠠᠷ ᠰᠢᠨ᠎ᠡ | ᠭᠠᠷᠤᠭ᠎ᠠ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠴᠢᠨᠠᠭᠰᠢᠳᠠ ᠪᠠᠲᠤᠳᠬᠠᠵᠤ᠂ ᠴᠢᠷᠮᠠᠶᠢᠨ | ᠰᠤᠷᠤᠯᠴᠠᠵᠤ᠂ ᠬᠦᠰᠡᠯ ᠵᠣᠷᠢᠯᠲᠠ ᠲᠠᠢ᠂ ᠮᠡᠳᠡᠯᠭᠡ ᠲᠠᠢ᠂ ᠡᠷᠳᠡᠮ ᠴᠢᠳᠠᠪᠤᠷᠢ ᠲᠠᠢ᠂ ᠶᠣᠰᠣ ᠮᠣᠷᠠᠯ ᠲᠠᠢ᠂ ᠵᠠᠩ | ᠰᠤᠷᠲᠠᠯ ᠲᠠᠢ᠂ ᠢᠲᠡᠭᠡᠯ ᠲᠠᠢ ᠬᠠᠷᠢᠭᠤᠴᠠᠯᠭ᠎ᠠ ᠲᠠᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠪᠣᠯᠬᠤ ᠪᠠᠷ | ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ | ᠥᠪᠡᠷ ᠤᠨ ᠠᠮᠢᠳᠤᠷᠠᠯ ᠤᠨ ᠬᠠᠭᠤᠳᠠᠰᠤ ᠪᠠᠨ ᠪᠢᠴᠢᠭᠯᠡᠨ᠎ᠡ ᠭᠡᠵᠦ ᠤᠯᠠᠨ ᠢᠶᠠᠷ ᠢᠶᠠᠨ ᠰᠠᠨᠠᠯ ᠨᠢᠭᠡᠲᠡᠢ ᠢᠯᠡᠳᠬᠡᠵᠡᠭᠡᠪᠡ᠃ | | | | ᠵᠣᠬᠢᠶᠠᠭᠴᠢ᠄ ᠴᠧᠨ ᠸᠧᠨ ᠵᠢᠶᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ |