| —— ᠹᠧᠩᠵᠧᠨ ᠬᠤᠳᠠ ᠶᠢᠨ ᠬᠢᠨ ︽ᠰᠢᠨ᠎ᠡ ᠤᠨ ᠤ ᠪᠤᠶᠠᠨ ᠤ ᠳᠠᠭᠠᠳᠬᠠᠯ︾ ᠬᠡᠬᠦ ᠰᠢᠨ᠎ᠡ | ᠤᠨ ᠢᠶᠠᠨ ᠤᠭᠲᠤᠬᠤ ᠰᠢᠷᠢᠰ ᠠᠵᠢᠯᠯᠠᠭ᠎ᠠ ᠦᠷᠨᠢᠭᠦᠯᠪᠡ | | 2024 ᠣᠨ ᠤ 12 ᠰᠠᠷ᠎ᠠ ᠶᠢᠨ 31 ᠤ ᠡᠳᠦᠷ ᠤᠨ ᠣᠷᠣᠢ᠂ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ | ᠤᠭᠲᠤᠬᠤ ᠴᠠᠭ ᠮᠥᠴᠡ ᠳᠤ᠂ ᠮᠠᠨ ᠤ ᠬᠤᠲᠠ ᠶᠢᠨ ᠬᠢᠨ ︽ᠰᠢᠨ᠎ᠡ ᠤᠨ ᠤ ᠪᠤᠶᠠᠨ ᠤ ᠳᠠᠭᠠᠳᠬᠠᠯ︾ ᠬᠡᠬᠦ ᠰᠢᠨ᠎ᠡ ᠤᠨ | ᠢᠶᠠᠨ ᠤᠭᠲᠤᠬᠤ ᠰᠢᠷᠢᠰ ᠠᠵᠢᠯᠯᠠᠭ᠎ᠠ ᠶᠢ ᠡᠷᠭᠢᠯᠡᠪᠡ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠵᠡᠷᠭᠡ | ᠬᠤᠳᠠ ᠶᠢᠨ ᠤᠳᠤᠷᠢᠳᠤᠯᠭ᠎ᠠ ᠨᠠᠷ ᠴᠠᠬᠢᠯᠭᠠᠨ ᠬᠤᠯᠪᠣᠭᠠᠨ ᠤ ᠲᠣᠮᠣ ᠠᠰᠠᠷ ᠤᠨ ᠡᠮᠦᠨ᠎ᠡ ︽ᠬᠤᠩᠬᠤᠨ ᠳᠠᠭᠤᠨ ᠢᠶᠠᠷ | ᠰᠢᠨ᠎ᠡ ᠤᠨ ᠤ ᠪᠤᠶᠠᠨ ᠢᠶᠠᠨ ᠳᠠᠭᠠᠳᠬᠠᠬᠤ︾ ᠠᠵᠢᠯᠯᠠᠭ᠎ᠠ ᠳᠤ ᠣᠷᠣᠯᠴᠠᠵᠤ᠂ ᠪᠦᠬᠦ ᠬᠤᠳᠠ ᠶᠢᠨ ᠠᠷᠠᠳ ᠲᠦᠮᠡᠨ ᠲᠠᠢ | ᠬᠠᠮᠲᠤᠪᠠᠷ ᠰᠢᠨ᠎ᠡ ᠤᠨ ᠢᠶᠠᠨ ᠤᠭᠲᠤᠬᠤ ᠦᠪᠡᠳᠡᠭᠰᠢ ᠶᠣᠰᠣᠯᠠᠯ ᠢ ᠪᠠᠶᠠᠷᠯᠠᠨ ᠪᠡᠯᠭᠡᠯᠡᠪᠡ᠃ | | ᠬᠠᠭᠤᠴᠢᠨ ᠤᠨ ᠢᠶᠠᠨ ᠦᠳᠡᠵᠦ ᠰᠢᠨ᠎ᠡ ᠤᠨ ᠢᠶᠠᠨ ᠤᠭᠲᠤᠬᠤ ᠪᠠᠶᠠᠷ ᠪᠠᠶᠠᠰᠬᠤᠯᠠᠩᠲᠤ ᠴᠠᠭ ᠮᠥᠴᠡ ᠳᠤ᠂ | ᠴᠠᠬᠢᠯᠭᠠᠨ ᠬᠤᠯᠪᠣᠭᠠᠨ ᠤ ᠲᠣᠮᠣ ᠠᠰᠠᠷ ᠤᠨ ᠡᠮᠦᠨ᠎ᠡ᠂ ᠬᠠᠷᠠᠩᠭ᠎ᠠ ᠬᠡᠩᠭᠡᠷᠭᠡ ᠨᠢᠵᠢᠭᠢᠨᠡᠵᠦ᠂ ᠳ᠋ᠧᠩ ᠤᠨ ᠭᠡᠷᠡᠯ ᠳᠤᠸᠠᠯᠠᠵᠤ᠂ | ᠬᠦᠷ ᠬᠥᠭᠵᠢᠶᠡᠨ ᠢᠶᠠᠷ ᠪᠢᠯᠬᠠᠵᠤ᠂ ᠪᠠᠶᠠᠷᠯᠠᠨ ᠵᠣᠷᠢᠭᠵᠢᠭᠰᠠᠨ ᠬᠥᠮᠥᠰ ᠬᠤᠷᠠᠨ ᠴᠤᠭᠯᠠᠷᠠᠵᠤ᠂ ᠤᠨ ᠥᠨᠵᠢᠬᠦ ᠵᠦᠩ ᠤᠨ | ᠲᠠᠭᠤᠨ ᠴᠤᠤᠷᠢᠶᠠᠲᠤᠬᠤ ᠶᠢ ᠬᠦᠯᠢᠶᠡᠵᠦ᠂ ᠬᠥᠮᠥᠰ ᠰᠢᠨ᠎ᠡ ᠨᠢᠭᠡ ᠤᠨ ᠳᠤ ᠪᠠᠨ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ | ᠢᠯᠡᠭᠡᠨ᠎ᠡ᠃ ᠡᠭᠦᠨ ᠤ ᠬᠠᠮᠲᠤ᠂ ᠮᠠᠯᠤᠷ ᠥᠲᠡᠭᠡ ᠶᠢᠨ ᠴᠡᠩᠭᠡᠯ ᠤᠨ ᠬᠦᠷᠢᠶᠡᠯᠡᠩ ᠪᠠ ᠵᠡᠭᠦᠳᠦᠨ ᠠᠷᠠᠯ ᠤᠨ ᠮᠥᠰᠥ | ᠴᠠᠰᠤᠨ ᠤ ᠴᠡᠩᠭᠡᠯ ᠤᠨ ᠬᠦᠷᠢᠶᠡᠯᠡᠩ ᠳᠤ ᠬᠤᠸᠠᠷ ᠫᠤᠤᠵᠢᠩ ᠤᠨ ᠲᠣᠭᠯᠠᠯᠲᠠ᠂ ᠲᠦᠳᠡᠭ ᠭᠠᠯ᠂ ᠭᠠᠯᠲᠤ ᠳᠡᠪᠦᠷ᠎ᠡ ᠶᠢᠨ | ᠲᠣᠭᠯᠠᠯᠲᠠ᠂ ᠬᠤᠸᠠᠷ ᠫᠤᠤᠵᠢᠩ ᠤᠨ ᠬᠦᠷᠬᠢᠷ᠎ᠡ ᠵᠡᠷᠭᠡ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠥᠷᠭᠡᠨ ᠣᠯᠠᠨ | ᠠᠷᠠᠳ ᠲᠦᠮᠡᠨ ᠳᠤ ᠤᠯᠠᠮᠵᠢᠯᠠᠯᠲᠤ ᠪᠠ ᠣᠲᠣ ᠦᠶ᠎ᠡ ᠶᠢᠨ ᠬᠡᠷᠡᠯ ᠰᠡᠭᠦᠳᠡᠷ ᠪᠠ ᠬᠥᠳᠡᠯᠭᠡᠭᠡᠨᠲᠦ ᠮᠡᠳᠡᠷᠡᠮᠵᠢ ᠶᠢ | ᠠᠭᠤᠰᠬᠠᠭᠰᠠᠨ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠬᠦᠷᠭᠡᠪᠡ︔ ᠡᠯ᠎ᠡ ᠲᠣᠮᠣ ᠬᠡᠲᠦ ᠳᠡᠯᠭᠡᠭᠦᠷ᠂ ᠬᠤᠳᠠᠯᠳᠤᠭᠠᠨ ᠤ | ᠲᠠᠯᠠᠪᠤᠷ᠂ ᠵᠣᠴᠢᠳ ᠤᠨ ᠪᠠᠭᠤᠳᠠᠯ ᠨᠢ ᠳᠤᠮᠳᠠᠳᠤ ᠤᠯᠤᠰ ᠤᠨ ᠵᠠᠩᠭᠢᠶ᠎ᠠ᠂ ᠬᠡᠯᠬᠢᠶ᠎ᠡ ᠳ᠋ᠧᠩ᠂ ᠥᠩᠭᠡᠲᠦ ᠲᠤᠭ ᠵᠡᠷᠭᠡ ᠵᠠᠰᠠᠯ | ᠴᠢᠮᠡᠭᠯᠡᠯ ᠤᠨ ᠡᠳ᠋ ᠢ ᠰᠢᠨ᠎ᠡ ᠪᠠᠷ ᠵᠠᠰᠠᠵᠤ ᠴᠢᠮᠡᠬᠦ ᠶᠢᠨ ᠬᠠᠮᠲᠤ ᠠᠳᠠᠯᠢ ᠪᠤᠰᠤ ᠬᠥᠮᠥᠰ ᠲᠤ ᠴᠢᠭᠯᠡᠭᠦᠯᠦᠨ ᠠᠷᠠᠳ ᠲᠤ | ᠠᠰᠢᠭ ᠬᠦᠷᠲᠡᠭᠡᠵᠦ ᠪᠣᠷᠤᠯᠠᠭᠤᠯᠭ᠎ᠠ ᠶᠢ ᠠᠬᠢᠭᠤᠯᠬᠤ ᠡᠯ᠎ᠡ ᠲᠥᠷᠥᠯ ᠤᠨ ᠠᠵᠢᠯᠯᠠᠭ᠎ᠠ ᠶᠢ ᠥᠷᠨᠢᠭᠦᠯᠵᠦ ᠪᠠᠶᠢᠨ᠎ᠠ᠃ | | | | | | ᠥᠨᠳᠥᠷ ᠰᠦᠷᠯᠢᠭ ᠴᠠᠭ ᠤᠨ ᠠᠰᠠᠷ ᠤᠨ ᠡᠮᠦᠨ᠎ᠡ᠂ ᠬᠥᠮᠥᠨ ᠤ ᠳᠠᠯᠠᠢ ᠪᠤᠯᠵᠤ᠂ ᠵᠦᠩ ᠤᠨ ᠲᠠᠭᠤᠨ ᠢ ᠳᠠᠭᠠᠯᠳᠤᠨ᠂ | ᠰᠢᠨ᠎ᠡ ᠤᠨ ᠢᠶᠠᠨ ᠤᠭᠲᠤᠬᠤ ᠠᠵᠢᠯᠯᠠᠭ᠎ᠠ ᠤᠷᠬᠢᠯ ᠳᠠᠭᠠᠨ ᠲᠤᠯᠪᠠ᠃ ᠲᠠᠪᠤ ᠲᠦᠷᠪᠡ ᠭᠤᠷᠪᠠ ᠬᠤᠶᠠᠷ ᠨᠢᠬᠡ︕ ᠰᠢᠨ᠎ᠡ | ᠤᠨ ᠤ ᠴᠠᠭ ᠮᠦᠴᠡ ᠬᠦᠷᠴᠦ ᠢᠷᠡᠬᠦᠶ᠎ᠡ᠂ ᠤᠯᠤᠰ ᠤᠷᠤᠨ ᠬᠦᠭᠵᠢᠨ ᠪᠠᠳᠠᠷᠠᠵᠤ ᠲᠦᠮᠡᠨ ᠠᠷᠠᠳ ᠪᠠᠶᠠᠷᠯᠠᠨ | ᠨᠠᠶᠢᠷᠠᠯᠳᠤᠨ᠎ᠠ᠃ ᠬᠤᠸᠠᠷ ᠫᠤᠤᠵᠢᠩ ᠤᠨ ᠦᠵᠡᠭᠦᠯᠦᠯᠭᠡ ᠵᠡᠷᠭᠡ ᠪᠠᠷ ᠨᠡᠭᠡᠭᠡᠭᠳᠡᠵᠦ᠂ ᠥᠩᠭᠡ ᠪᠦᠷᠢ ᠶᠢᠨ ᠬᠤᠸᠠᠷ ᠫᠤᠤᠵᠢᠩ | ᠰᠥᠨᠢ ᠶᠢᠨ ᠣᠭᠲᠠᠷᠭᠤᠢ ᠳᠤ ᠳᠡᠯᠭᠡᠷᠡᠵᠦ᠂ ᠶᠠᠭ ᠯᠠ ᠲᠠᠪᠤᠨ ᠥᠩᠭᠡ ᠰᠣᠯᠣᠩᠭᠠᠷᠠᠭᠰᠠᠨ ᠴᠡᠴᠡᠭ ᠰᠢᠭ ᠣᠭᠲᠠᠷᠭᠤᠢ ᠳᠤ | ᠳᠡᠯᠭᠡᠷᠡᠵᠦ᠂ ᠪᠦᠬᠦ᠋ᠢᠯᠡ ᠰᠥᠨᠢ ᠶᠢᠨ ᠣᠭᠲᠠᠷᠭᠤᠢ ᠶᠢ ᠥᠩᠭᠡ ᠢᠯᠭᠠᠷᠠᠮ᠎ᠠ ᠰᠠᠶᠢᠬᠠᠨ ᠴᠢᠮᠡᠭᠯᠡᠭᠰᠡᠨ ᠪᠠᠶᠢᠨ᠎ᠠ᠃ ᠬᠤᠸᠠᠷ | ᠫᠤᠤᠵᠢᠩ ᠶᠠᠭ ᠯᠠ ᠰᠣᠯᠢᠷ ᠤᠨ ᠪᠣᠷᠣᠭᠠᠨ ᠮᠡᠲᠦ ᠰᠥᠨᠢ ᠶᠢᠨ ᠣᠭᠲᠠᠷᠭᠤᠢ ᠶᠢ ᠵᠦᠰᠦᠵᠦ᠂ ᠭᠱᠠᠨ ᠵᠠᠭᠤᠷ᠎ᠠ ᠨᠢᠳᠦ | ᠭᠢᠯᠠᠰᠤᠮ᠎ᠠ ᠭᠡᠷᠡᠯ ᠰᠠᠴᠤᠷᠠᠭᠤᠯᠵᠤ᠂ ᠪᠦᠬᠦ ᠬᠤᠳᠠ ᠶᠢ ᠭᠡᠷᠡᠯᠳᠦᠬᠦᠯᠵᠦ᠂ ᠬᠥᠮᠥᠰ ᠢ ᠵᠡᠭᠦᠳᠦ ᠵᠡᠷᠭᠡᠯᠭᠡᠨ ᠮᠡᠲᠦ | ᠶᠢᠷᠲᠢᠨᠴᠦ ᠳᠤ ᠰᠠᠭᠤᠯᠭᠠᠵᠤ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠪᠠᠶᠠᠷᠯᠠᠨ ᠬᠥᠭᠡᠷᠦᠯᠳᠦᠵᠦ᠂ 2025 ᠣᠨ ᠤ | ᠬᠦᠷᠴᠦ ᠢᠷᠡᠬᠦ ᠶᠢ ᠬᠠᠮᠲᠤᠪᠠᠷ ᠤᠭᠳᠤᠵᠤ᠂ ᠲᠠᠩᠰᠤᠭ ᠰᠠᠶᠢᠬᠠᠨ ᠡᠬᠡ ᠭᠠᠵᠠᠷ ᠲᠤ ᠬᠡᠷᠡᠯ ᠭᠢᠯᠪᠠᠭ᠎ᠠ ᠪᠠᠨ | ᠰᠠᠴᠤᠷᠠᠭᠤᠯᠤᠨ᠎ᠠ᠃ | | | | | | ᠰᠢᠨ᠎ᠡ ᠵᠢᠯ ᠤᠨ ᠵᠦᠩ ᠤᠨ ᠲᠠᠭᠤᠨ ᠤ ᠳᠠᠭᠠᠤ ᠳᠤ 2025 ᠣᠨ ᠤ ᠴᠤ᠋ ᠰᠢᠨ᠎ᠡ ᠬᠠᠭᠤᠳᠠᠰᠤ ᠶᠢ ᠡᠬᠢᠯᠡᠭᠦᠯᠦᠯ᠎ᠡ᠃ | ᠮᠠᠨ ᠤ ᠠᠭᠤᠤ ᠶᠡᠭᠡ ᠡᠬᠡ ᠣᠷᠣᠨ ᠤ ᠪᠠᠨ ᠴᠡᠴᠡᠭᠯᠡᠨ ᠮᠠᠨᠳᠤᠵᠤ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠶᠢ | ᠬᠦᠰᠡᠶ᠎ᠡ︕ ᠹᠧᠩᠵᠧᠨ ᠤ ᠡᠳᠦᠷ ᠠᠴᠠ ᠡᠳᠦᠷ ᠥᠭᠡᠳᠡᠯᠡᠨ ᠮᠠᠨᠳᠤᠵᠤ᠂ ᠨᠠᠩ ᠰᠠᠶᠢᠨ ᠰᠠᠶᠢᠬᠠᠨ ᠪᠣᠯᠬᠤ ᠶᠢ ᠬᠦᠰᠡᠶ᠎ᠡ︕ | ᠪᠥᠬᠦ ᠬᠤᠲᠠ ᠶᠢᠨ ᠠᠷᠠᠳ ᠲᠦᠮᠡᠨ ᠳᠤ ᠰᠢᠨ᠎ᠡ ᠵᠢᠯ ᠤᠨ ᠪᠠᠶᠠᠷ ᠬᠦᠷᠭᠡᠶ᠎ᠡ᠂ ᠥᠯᠵᠡᠢ ᠪᠡᠯᠭᠡ ᠲᠠᠢ ᠪᠠᠶᠢᠬᠤ ᠶᠢ ᠵᠦᠩᠨᠡᠶ᠎ᠡ︕ | | | | | | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |