ᠹᠧᠩᠵᠧᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠡᠪᠦᠯ ᠤᠨ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠲᠤᠰᠬᠠᠢ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/1/25
   ᠡᠪᠦᠯ ᠤᠨ ᠤᠯᠠᠷᠢᠯ ᠤᠨ ᠪᠣᠷᠤᠯᠠᠭᠤᠯᠭ᠎ᠠ ᠰᠠᠶᠢᠲᠠᠢ ᠢᠳᠡᠭᠡᠨ ᠤ ᠶᠠᠰᠤ ᠴᠢᠨᠠᠷ ᠤᠨ ᠠᠶᠤᠯᠭᠦᠢ ᠶᠢ ᠪᠠᠳᠤᠯᠠᠨ᠂ ᠣᠷᠣᠨ ᠪᠦᠰᠡ ᠶᠢᠨ ᠴᠢᠨᠠᠷᠲᠠᠢ᠂ ᠠᠵᠢᠯ ᠲᠥᠷᠥᠯ ᠤᠨ ᠴᠢᠨᠠᠷᠲᠠᠢ ᠢᠳᠡᠭᠡᠨ ᠤ ᠠᠶᠤᠯᠭᠦᠢ ᠶᠢᠨ ᠬᠡᠷᠡᠭ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠶᠢᠨ ᠲᠦᠯᠦᠭᠡ᠂ 1 ᠰᠠᠷ᠎ᠠ ᠶᠢᠨ 16 ᠤ ᠡᠳᠦᠷ᠂ ᠹᠧᠩᠵᠧᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠪᠠᠶᠢᠴᠠᠭᠠᠵᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠡᠪᠦᠯ ᠤᠨ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠲᠤᠰᠬᠠᠢ ᠠᠵᠢᠯᠯᠠᠭ᠎ᠠ ᠶᠢ ᠪᠥᠬᠦ ᠲᠠᠯ᠎ᠠ ᠪᠠᠷ ᠦᠷᠨᠢᠭᠦᠯᠪᠡ᠃
   ᠲᠣᠰ ᠤᠳᠠᠭᠠᠨ ᠤ ᠠᠵᠢᠯᠯᠠᠭ᠎ᠠ ᠳᠤ ᠬᠠᠷᠢᠶ᠎ᠠ ᠣᠷᠣᠨ ᠳᠠᠬᠢ ᠡᠯ᠎ᠡ ᠲᠥᠷᠥᠯ ᠤᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠪᠣᠯᠪᠠᠰᠤᠷᠠᠭᠤᠯᠬᠤ ᠵᠢᠵᠢᠭ ᠦᠢᠯᠡᠳᠬᠡᠯ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠵᠡᠷᠭᠡ ᠶᠢ ᠬᠠᠮᠤᠷᠴᠤ᠂ ᠢᠳᠡᠭᠡᠨ ᠤ ᠦᠢᠯᠡᠳᠪᠦᠷᠢᠯᠡᠯ᠂ ᠢᠳᠡᠭᠡᠨ ᠤ ᠭᠦᠢᠯᠭᠡᠭᠡ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠶᠢᠨ ᠲᠣᠭᠤᠷᠢᠨ ᠳᠤ ᠭᠤᠣᠯᠳᠠᠭᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠵᠡᠷᠭᠡ ᠬᠢᠷᠢ ᠬᠡᠮ ᠨᠢ ᠪᠦᠷᠢᠨ ᠪᠠᠶᠢᠬᠤ ᠡᠰᠡᠬᠦ︔ ᠦᠢᠯᠡᠳᠪᠦᠷᠢᠯᠡᠯ ᠤᠨ ᠣᠷᠴᠢᠨ ᠨᠥᠬᠦᠴᠡᠯ ᠨᠢ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠬᠦ ᠡᠰᠡᠬᠦ᠂ ᠲᠦᠭᠦᠬᠡᠢ ᠡᠳ᠋ ᠮᠠᠲ᠋ᠧᠷᠢᠶᠠᠯ ᠬᠤᠳᠠᠯᠳᠤᠨ ᠠᠪᠬᠤ ᠶᠠᠪᠤᠳᠠᠯ ᠨᠢ ᠲᠣᠭᠲᠠᠭᠠᠯ ᠳᠤ ᠨᠡᠶᠢᠴᠡᠬᠦ ᠡᠰᠡᠬᠦ︔ ᠢᠳᠡᠭᠡᠨ ᠢ ᠦᠢᠯᠡᠳᠪᠦᠷᠢᠯᠡᠬᠦ ᠶᠠᠪᠤᠴᠠ ᠳᠤ ᠢᠳᠡᠭᠡᠨ ᠤ ᠪᠤᠰᠤ ᠪᠣᠳᠠᠰ ᠢ ᠨᠡᠮᠡᠭᠰᠡᠨ ᠡᠰᠡᠬᠦ᠂ ᠢᠳᠡᠭᠡᠨ ᠤ ᠨᠡᠮᠡᠯᠲᠡ ᠡᠳ᠋ ᠢ ᠳᠤᠷ᠎ᠠ ᠪᠠᠷ ᠢᠶᠠᠨ ᠬᠡᠷᠡᠭᠯᠡᠭᠰᠡᠨ ᠡᠰᠡᠬᠦ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠢᠳᠡᠭᠡᠨ ᠤ ᠪᠠᠷᠠᠭ᠎ᠠ ᠣᠷᠣᠭᠤᠯᠬᠤ ᠠᠷᠭ᠎ᠠ ᠵᠠᠮ ᠨᠢ ᠵᠢᠩᠬᠢᠨᠢ ᠪᠠᠶᠢᠬᠤ ᠡᠰᠡᠬᠦ᠂ ᠭᠡᠷᠡᠴᠢ ᠪᠠᠷᠢᠮᠲᠠ ᠠᠪᠤᠭᠰᠠᠨ ᠨᠢ ᠪᠦᠷᠢᠨ ᠭᠦᠢᠴᠡᠳ ᠪᠠᠶᠢᠬᠤ ᠡᠰᠡᠬᠦ︔ ᠢᠳᠡᠭᠡᠨ ᠢ ᠬᠠᠳᠠᠭᠠᠯᠠᠬᠤ ᠨᠥᠬᠦᠴᠡᠯ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ᠂ ᠴᠢᠨᠠᠷ ᠨᠢ ᠬᠤᠪᠢᠷᠠᠭᠰᠠᠨ ᠢᠳᠡᠭᠡᠨ᠂ ᠢᠳᠡᠭᠡᠨ ᠢ ᠪᠣᠯᠪᠠᠰᠤᠷᠠᠭᠤᠯᠤᠨ ᠦᠢᠯᠡᠳᠬᠦ ᠶᠠᠪᠤᠴᠠ ᠨᠢ ᠵᠢᠷᠤᠮᠵᠢᠭᠰᠠᠨ ᠦᠭᠡᠢ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠬᠢᠨᠠᠨ ᠪᠠᠶᠢᠴᠠᠭᠠᠪᠠ᠃
   ᠳᠠᠷᠠᠭᠠᠴᠢ ᠶᠢᠨ ᠠᠯᠬᠤᠮ ᠳᠤ᠂ ᠹᠧᠩᠵᠧᠨ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠢᠳᠡᠭᠡᠨ ᠤ ᠠᠮᠤᠷ ᠲᠦᠪᠰᠢᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠳᠤ ᠠᠮᠤᠷ ᠲᠦᠪᠰᠢᠨ᠂ ᠰᠠᠨᠠᠭ᠎ᠠ ᠠᠮᠤᠷ ᠢᠳᠡᠭᠡᠨ ᠬᠤᠳᠠᠯᠳᠤᠨ ᠠᠪᠬᠤ ᠣᠷᠴᠢᠨ ᠲᠣᠭᠤᠷᠢᠨ ᠢ ᠴᠢᠷᠮᠠᠶᠢᠨ ᠬᠠᠩᠭᠠᠵᠤ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃        ᠵᠣᠬᠢᠶᠠᠭᠴᠢ᠄ ᠰᠢᠤᠸᠠᠨ ᠶᠠᠨ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3