ᠤᠯᠠᠭᠠᠨ ᠳ᠋ᠧᠩᠯᠦ ᠥᠨᠳᠥᠷ ᠲᠤ ᠡᠯᠭᠦᠭᠳᠡᠨ ᠥᠩᠭᠡᠲᠦ ᠳ᠋ᠧᠩ ᠭᠢᠯᠠᠯᠵᠠᠵᠤ ᠴᠠᠭᠠᠨ ᠰᠠᠷ᠎ᠠ ᠶᠢ ᠤᠭᠲᠤᠨ᠎ᠠ
ᠨᠡᠶᠢᠲᠡᠯᠡᠭᠰᠡᠨ ᠴᠠᠭ᠄
2025/1/25
   ᠬᠤᠳᠠ ᠶᠢᠨ ᠠᠷᠠᠳ ᠲᠤ ᠪᠠᠶᠠᠷ ᠬᠦᠷ ᠲᠠᠢ᠂ ᠪᠣᠯᠪᠠᠰᠤᠨ᠂ ᠥᠯᠵᠡᠢ ᠪᠡᠯᠭᠡ ᠲᠠᠢ ᠴᠠᠭᠠᠨ ᠰᠠᠷ᠎ᠠ ᠶᠢ ᠡᠳ᠋ᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠹᠧᠩᠵᠧᠨ ᠬᠤᠳᠠ ᠶᠢᠨ ᠤᠯᠠᠨ ᠨᠡᠶᠢᠲᠡ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠲᠠᠳ ᠬᠤᠳᠠ ᠶᠢᠨ ᠲᠣᠭᠤᠷᠢᠭ ᠤᠨ ᠭᠤᠣᠯ ᠵᠠᠮ ᠤᠨ ᠬᠤᠶᠠᠷ ᠲᠠᠯ᠎ᠠ ᠳᠤ ᠭᠠᠯ ᠤᠯᠠᠭᠠᠨ ᠳ᠋ᠧᠩᠯᠦ ᠡᠯᠭᠦᠵᠦ᠂ ᠡᠯ᠎ᠡ ᠵᠦᠢᠯ ᠤᠨ ᠥᠩᠭᠡᠲᠦ ᠳ᠋ᠧᠩ ᠢᠶᠠᠷ ᠴᠢᠮᠡᠭᠯᠡᠵᠦ᠂ ᠥᠯᠵᠡᠢ ᠪᠡᠯᠭᠡ ᠲᠠᠢ ᠪᠠᠶᠠᠷ ᠬᠦᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠵᠤ᠂ ᠥᠷᠭᠡᠨ ᠤᠯᠠᠨ ᠬᠤᠳᠠ ᠶᠢᠨ ᠠᠷᠠᠳ ᠲᠠᠢ ᠬᠠᠮᠲᠤ ᠪᠠᠷ ᠴᠠᠭᠠᠨ ᠰᠠᠷ᠎ᠠ ᠶᠢ ᠤᠭᠳᠤᠨ᠎ᠠ᠃
   1 ᠰᠠᠷ᠎ᠠ  ᠶᠢᠨ 17 ᠤ ᠡᠳᠦᠷ᠂ ᠰᠤᠷᠪᠤᠯᠵᠢᠯᠠᠭᠴᠢ ᠶᠢᠩ ᠪᠢᠨ ᠶᠡᠭᠡ ᠵᠡᠭᠡᠯᠢ᠂ ᠥᠨᠳᠥᠷ ᠬᠤᠷᠳᠤᠴᠠᠲᠤ ᠵᠠᠰᠠᠮᠠᠯ ᠵᠠᠮ ᠤᠨ ᠠᠭᠤᠯᠵᠠᠷ ᠲᠤ ᠳ᠋ᠧᠩᠯᠦ ᠡᠯᠭᠦᠬᠦ ᠠᠵᠢᠯ ᠡᠮᠬᠢ ᠵᠠᠮᠪᠠᠷᠠᠭ᠎ᠠ ᠲᠠᠢ ᠶᠠᠪᠤᠭᠳᠠᠵᠤ ᠪᠠᠶᠢᠬᠤ ᠶᠢ ᠣᠯᠵᠤ ᠬᠠᠷᠠᠪᠠ᠃ ᠠᠵᠢᠯᠴᠢᠳ ᠤᠨ ᠠᠵᠢᠯ ᠤᠨ ᠬᠤᠪᠢᠶᠠᠷᠢᠯᠠᠯ ᠨᠢ ᠡᠮᠬᠢ ᠵᠢᠷᠤᠮ ᠲᠠᠢ᠂ ᠬᠠᠮᠵᠢᠯᠴᠠᠭ᠎ᠠ ᠨᠢ ᠢᠯᠭᠤᠮ ᠤᠷᠤᠭᠰᠢᠲᠠᠢ ᠪᠠᠶᠢᠵᠤ᠂ ᠳ᠋ᠧᠩᠯᠦ ᠶᠢ ᠵᠥᠭᠡᠭᠡᠪᠦᠷᠢᠯᠡᠨ᠂ ᠤᠲᠠᠰᠤ ᠲᠠᠲᠠᠵᠤ᠂ ᠱᠠᠲᠤ ᠳᠡᠭᠡᠷ᠎ᠡ ᠭᠢᠰᠬᠢᠨ ᠤᠯᠠᠭᠠᠨ ᠳ᠋ᠧᠩᠯᠦ ᠪᠣᠯᠣᠨ ᠥᠩᠭᠡᠲᠦ ᠳ᠋ᠧᠩ ᠢ ᠲᠣᠭᠲᠠᠭᠰᠠᠨ ᠪᠠᠶᠢᠷᠢᠨ ᠳᠤ ᠡᠯᠭᠦᠵᠦ᠂ ᠰᠢᠨ᠎ᠡ ᠵᠢᠯ ᠤᠨ ᠠᠭᠤᠷ ᠠᠮᠢᠰᠬᠤᠯ ᠢᠶᠠᠷ ᠪᠢᠯᠬᠠᠮ᠎ᠠ ᠪᠠᠶᠢᠯ᠎ᠠ᠃ ᠳᠠᠷᠠᠭ᠎ᠠ ᠨᠢ ᠰᠤᠷᠪᠤᠯᠵᠢᠯᠠᠭᠴᠢ ᠹᠧᠩᠵᠧᠨ ᠬᠤᠲᠠ ᠶᠢᠨ ᠣᠯᠠᠨ ᠨᠡᠶᠢᠲᠡ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠪ ᠲᠤ ᠠᠵᠢᠯᠲᠠᠳ ᠤᠨ ᠳ᠋ᠧᠩᠯᠦ ᠶᠢ ᠬᠠᠯᠠᠰᠢᠷᠠᠯ ᠦᠭᠡᠢ ᠨᠠᠷᠢᠯᠢᠭ ᠤᠭᠰᠠᠷᠠᠵᠤ ᠪᠠᠶᠢᠬᠤ ᠶᠢ ᠣᠯᠵᠤ ᠬᠠᠷᠠᠪᠠ᠂ ᠲᠡᠳᠡ ᠬᠤᠶᠠᠷ ᠭᠠᠷ ᠢᠶᠠᠷ ᠢᠶᠠᠨ ᠪᠠᠶᠠᠷ ᠳᠤᠷᠠᠰᠬᠠᠯ ᠤᠨ ᠡᠳᠦᠷ ᠢ ᠰᠦᠯᠵᠢᠵᠦ᠂ ᠣᠯᠠᠨ ᠢ ᠬᠠᠯᠠᠭᠤᠨ ᠳᠤᠯᠠᠭᠠᠨ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠴᠠᠭᠠᠨ ᠰᠠᠷ᠎ᠠ ᠪᠠᠨ ᠦᠩᠭᠡᠷᠡᠭᠦᠯᠦᠨ᠎ᠡ᠃       ᠵᠣᠬᠢᠶᠠᠭᠴᠢ᠄ ᠰᠢᠤᠸᠠᠨ ᠶᠠᠨ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3