| ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠶᠢᠨ ᠲᠦᠯᠦᠭᠡ᠂ 1 ᠰᠠᠷ᠎ᠠ ᠶᠢᠨ 16 ᠤ ᠡᠳᠦᠷ᠂ | ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ ᠣᠯᠠᠨ ᠰᠠᠯᠠᠭ᠎ᠠ ᠮᠥᠴᠢᠷ ᠲᠠᠢ | ᠬᠠᠮᠲᠤᠷᠠᠨ 2025 ᠣᠨ ᠤ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠵᠠᠰᠠᠯᠲᠠ ᠶᠢᠨ ᠠᠵᠢᠯ ᠢ ᠥᠷᠨᠢᠭᠦᠯᠪᠡ᠃ | | ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ ᠶᠢᠨ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠣᠶᠣᠯ | ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠲᠠᠢ ᠬᠠᠮᠲᠤᠷᠠᠨ᠂ ᠬᠠᠷᠢᠶᠠᠲᠤ ᠣᠷᠣᠨ ᠤ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠬᠢᠷᠢ ᠬᠡᠮ᠂ | ᠰᠦᠢᠳᠬᠡᠯ ᠬᠤᠷᠢᠶᠠᠬᠤ ᠠᠵᠢᠯᠯᠠᠭ᠎ᠠ᠂ ᠠᠮᠤᠷ ᠲᠦᠪᠰᠢᠨ ᠤ ᠬᠠᠮᠢᠶᠠᠷᠤᠯᠲᠠ᠂ ᠵᠠᠷ ᠮᠡᠳᠡᠭᠡᠨ ᠤ ᠤᠬᠠᠭᠤᠯᠭ᠎ᠠ᠂ | ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠬᠡᠷᠡᠭᠯᠡᠯᠲᠡ ᠵᠡᠷᠭᠡ ᠠᠭᠤᠯᠭ᠎ᠠ ᠳᠤ ᠨᠠᠷᠢᠨ ᠨᠢᠮᠪᠠᠢ ᠪᠠᠶᠢᠴᠠᠭᠠᠯᠲᠠ ᠬᠢᠵᠦ | ᠳᠠᠯᠳᠠ ᠬᠡᠮ ᠤᠨ ᠠᠰᠠᠭᠤᠳᠠᠯ ᠣᠷᠣᠰᠢᠵᠤ ᠪᠠᠶᠢᠭ᠎ᠠ ᠣᠨᠴᠠ ᠵᠠᠷᠢᠮ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠴᠡᠭᠴᠡᠯᠡᠨ ᠦᠭᠡᠷᠡᠴᠢᠷᠡᠭᠦᠯᠪᠡ᠃ | | ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ | ᠦᠷᠭᠦᠯᠵᠢᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠰᠢᠪᠠᠳᠠᠨ ᠪᠠᠶᠢᠴᠠᠭᠠᠵᠤ᠂ | ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠬ᠎ᠠ | ᠳᠡᠯᠭᠡᠭᠦᠷ ᠤᠨ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠵᠤ᠂ ᠥᠷᠭᠡᠨ ᠣᠯᠠᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠠᠮᠤᠷ ᠠᠮᠤᠭᠤᠯᠠᠩ ᠪᠠᠶᠠᠷ ᠬᠥᠷ ᠲᠠᠢ᠂ ᠠᠮᠤᠷ ᠵᠢᠮᠤᠷ ᠰᠠᠶᠢᠨ | ᠰᠠᠶᠢᠬᠠᠨ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠪᠣᠯᠣᠨ᠎ᠠ᠃ | | | ᠵᠣᠬᠢᠶᠠᠭᠴᠢ᠄ ᠵᠢᠶᠠ ᠯᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |