| ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠲᠠᠯ᠎ᠠ ᠪᠠᠷ ᠬᠢ ᠪᠣᠳᠠᠰ ᠤᠨ ᠪᠤᠰᠤ | ᠰᠣᠶᠣᠯ ᠤᠨ ᠥᠪ ᠤᠨ ᠦᠢᠯᠡᠳᠦᠯ ᠢ ᠪᠠᠳᠠᠷᠠᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠲᠠᠯ᠎ᠠ ᠪᠠᠷ ᠬᠢ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 1 ᠰᠠᠷ᠎ᠠ ᠶᠢᠨ 20 ᠤ ᠡᠳᠦᠷ᠂ ᠬᠤᠲᠠ ᠶᠢᠨ ᠪᠡᠶ᠎ᠡ ᠶᠢᠨ | ᠲᠠᠮᠢᠷ ᠤᠨ ᠣᠷᠳᠣᠨ ᠳᠤ᠂ ᠮᠠᠨ ᠤ ᠬᠤᠲᠠ ᠶᠢᠨ ᠣᠯᠠᠨ ᠰᠠᠯᠠᠭ᠎ᠠ ᠮᠥᠴᠢᠷ ᠤᠨ ᠬᠢᠨ ᠬᠠᠮᠲᠤᠷᠠᠨ ︽ᠪᠣᠳᠠᠰ ᠤᠨ | ᠪᠤᠰᠤ ᠰᠤᠶᠤᠯ ᠢᠶᠠᠷ ᠴᠠᠭᠠᠨ ᠰᠠᠷ᠎ᠠ ᠪᠠᠨ ᠪᠡᠯᠭᠡᠯᠡᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠶᠢ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ᠂ ᠬᠤᠳᠠ ᠶᠢᠨ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠳᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ | ᠬᠡᠯᠲᠡᠰ᠂ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠳᠠ ᠶᠢᠨ ᠰᠣᠶᠣᠯ ᠪᠠ ᠵᠤᠭᠠᠴᠠᠯ ᠤᠨ | ᠲᠣᠪᠴᠢᠶ᠎ᠠ ᠶᠢᠨ ᠬᠢᠨ ᠭᠤᠣᠯᠯᠠᠨ ᠡᠷᠬᠢᠯᠡᠵᠦ᠂ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ | ᠦᠢᠯᠡᠴᠢᠯᠡᠭᠡᠨ ᠤ ᠲᠥᠪ᠂ ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠲᠠ ᠶᠢᠨ | ᠰᠤᠶᠤᠯ ᠤᠨ ᠤᠷᠳᠤᠨ ᠠᠴᠠ ᠳᠠᠭᠠᠭᠠᠴᠢᠯᠠᠨ ᠡᠷᠭᠢᠯᠡᠪᠡ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠦᠬᠦ ᠬᠤᠳᠠ ᠶᠢᠨ ᠬᠢᠨ ᠤ ᠪᠣᠳᠠᠰ ᠤᠨ ᠪᠤᠰᠤ ᠰᠣᠶᠣᠯ ᠤᠨ | ᠥᠪ ᠤᠨ ᠲᠣᠭᠯᠠᠯᠲᠠ ᠡᠭᠡᠯᠵᠢᠯᠡᠨ ᠳᠡᠯᠭᠡᠭᠳᠡᠵᠦ᠂ ᠢᠷᠠᠭᠤ ᠰᠠᠶᠢᠬᠠᠨ ᠯᠢᠮᠪᠦ ᠬᠥᠭᠵᠢᠮᠳᠡᠵᠦ᠂ ᠬᠦᠷ ᠬᠥᠭᠵᠢᠶᠡᠨ ᠲᠠᠢ | ︽ᠳᠤᠮᠳᠠᠳᠤ ᠶᠢᠨ ᠯᠣᠣ︾ ︵ᠪᠥᠵᠢᠭ︶᠂ ᠬᠠᠷᠠᠩᠭ᠎ᠠ ᠬᠡᠩᠭᠡᠷᠭᠡ ᠨᠢᠵᠢᠭᠢᠨᠡᠭᠰᠡᠨ ᠬᠤᠶᠢᠲᠤ ᠵᠠᠮ ᠤᠨ ᠪᠠᠩᠽᠢ ᠶᠢᠨ | ᠵᠦᠴᠦᠭᠡ ︽ᠮᠢᠩᠭᠠᠨ ᠣᠨ ᠤ ᠵᠦᠴᠦᠭᠡ ᠶᠢᠨ ᠬᠦᠷᠢᠶᠡᠯᠡᠩ ᠤᠨ ᠬᠠᠶᠢᠷ᠎ᠠ ᠰᠡᠳᠬᠢᠯᠭᠡ︾ ᠵᠡᠷᠭᠡ ᠭᠤᠶᠢᠳᠠ ᠰᠠᠶᠢᠬᠠᠨ | ᠲᠣᠭᠯᠠᠯᠲᠠ ᠨᠢ ᠦᠵᠡᠭᠴᠢᠳ ᠤᠨ ᠳᠠᠰᠤᠷᠠᠯᠳᠠ ᠦᠭᠡᠢ ᠠᠯᠠᠭ᠎ᠠ ᠲᠠᠰᠢᠯᠲᠠ ᠶᠢ ᠬᠦᠷᠲᠡᠪᠡ᠃ ᠦᠵᠡᠭᠦᠯᠦᠯᠭᠡ ᠶᠢᠨ | ᠲᠠᠶᠢᠰᠠ ᠶᠢ ᠤᠯᠠᠮᠵᠢᠯᠠᠯᠲᠤ ᠠᠮᠲᠠᠲᠤ ᠢᠳᠡᠭᠡᠨ ᠬᠢᠬᠦ ᠤᠷ᠎ᠠ ᠮᠡᠷᠭᠡᠵᠢᠯ ᠤᠨ ᠦᠵᠡᠭᠦᠯᠦᠯᠭᠡ ᠶᠢᠨ ᠲᠣᠭᠤᠷᠢᠭ᠂ | ᠮᠢᠨᠳᠠᠰᠤ ᠴᠢᠮᠬᠢᠬᠦ ᠣᠷᠣᠨ᠂ ᠠᠷᠠᠳ ᠤᠨ ᠵᠠᠩ ᠦᠢᠯᠡ ᠶᠢᠨ ᠲᠣᠭᠤᠷᠢᠭ ᠭᠡᠵᠦ ᠬᠤᠪᠢᠶᠠᠵᠤ᠂ ᠲᠤᠬᠠᠢ ᠶᠢᠨ | ᠲᠠᠯᠠᠪᠤᠷ ᠲᠤ 20 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠤᠨ ᠦᠵᠡᠭᠦᠯᠦᠯᠭᠡ ᠶᠢᠨ ᠪᠠᠶᠢᠷᠢ | ᠭᠠᠷᠭᠠᠪᠠ᠃ ᠭᠠᠯ ᠤᠯᠠᠭᠠᠨ ᠴᠠᠭᠠᠰᠤᠨ ᠬᠠᠶᠢᠴᠢᠯᠠᠮᠠᠯ᠂ ᠵᠢᠷᠤᠭ ᠲᠥᠯᠥᠪᠯᠡᠭᠡ ᠤᠷᠠᠨ ᠨᠠᠷᠢᠯᠢᠭ ᠲᠣᠷᠭᠠᠨ | ᠴᠠᠪᠠᠤ ᠶᠢᠨ ᠬᠤᠸᠠᠷ ᠁ ᠪᠠᠶᠠᠯᠢᠭ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠪᠠ | ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠥᠪᠡᠷᠮᠢᠴᠡ ᠷᠢᠳᠢ ᠰᠢᠳᠢ ᠶᠢ ᠪᠠᠳᠠᠷᠠᠭᠤᠯᠵᠤ᠂ ᠤᠳᠠᠯ ᠦᠭᠡᠢ | ᠬᠦᠷᠴᠦ ᠢᠷᠡᠬᠦ ᠴᠠᠭᠠᠨ ᠰᠠᠷ᠎ᠠ ᠶᠢᠨ ᠪᠠᠶᠠᠷ ᠲᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠨᠡᠮᠡᠷᠢᠯᠡᠪᠡ᠃ | | ᠲᠤᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠬᠤᠲᠠ ᠶᠢᠨ ᠠᠷᠠᠳ ᠲᠤ ᠪᠣᠳᠠᠰ ᠤᠨ ᠪᠤᠰᠤ ᠰᠣᠶᠣᠯ ᠤᠨ | ᠥᠪ ᠤᠨ ᠷᠢᠳᠢ ᠰᠢᠳᠢ ᠶᠢ ᠣᠶᠢᠯᠠᠭᠠᠬᠤ᠂ ᠤᠯᠠᠮᠵᠢᠯᠠᠯᠲᠤ ᠤᠷ᠎ᠠ ᠮᠡᠷᠭᠡᠵᠢᠯ ᠢ ᠣᠶᠢᠯᠠᠭᠠᠬᠤ ᠲᠠᠪᠴᠠᠩ ᠬᠠᠩᠭᠠᠭᠰᠠᠨ | ᠪᠥᠭᠡᠳ ᠤᠮᠠᠷᠠᠲᠤ ᠶᠢᠨ ᠰᠣᠶᠣᠯ ᠤᠨ ᠹᠧᠩᠴᠤᠸᠠᠨ ᠤ ᠡᠬᠡ ᠭᠠᠵᠠᠷ ᠲᠤ ᠤᠯᠠᠮ ᠨᠢᠭᠡ ᠠᠯᠬᠤᠮ ᠲᠣᠳᠣᠷᠬᠠᠶᠢᠯᠠᠨ | ᠲᠠᠶᠢᠯᠪᠤᠷᠢᠯᠠᠬᠤ ᠪᠠ ᠬᠥᠭᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠣᠯᠭᠤᠭᠰᠠᠨ ᠪᠠᠶᠢᠨ᠎ᠠ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |