ᠮᠠᠨ ᠤ ᠬᠤᠲᠠ ᠶᠢᠨ ᠬᠢᠨ 2024 ᠣᠨ ᠤ ᠲᠣᠭᠠᠴᠢᠯᠲᠠ ᠶᠢᠨ ᠬᠠᠤᠯᠢ ᠶᠢᠨ ᠦᠨᠡᠯᠡᠯᠲᠡ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/25
   1 ᠰᠠᠷ᠎ᠠ ᠶᠢᠨ 20 ᠤ ᠡᠳᠦᠷ᠂ ᠮᠠᠨ ᠤ ᠬᠤᠲᠠ ᠶᠢᠨ ᠬᠢᠨ 2024 ᠣᠨ ᠤ ᠲᠣᠭᠠᠴᠢᠯᠲᠠ ᠶᠢᠨ ᠬᠠᠤᠯᠢ ᠶᠢᠨ ᠦᠨᠡᠯᠡᠯᠲᠡ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ  ᠶᠢᠨ ᠳᠠᠷᠤᠭ᠎ᠠ ᠯᠢ ᠱᠦ ᠸᠧᠢ ᠦᠨᠡᠯᠡᠯᠲᠡ ᠬᠢᠭᠰᠡᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠪᠡ᠃ ᠬᠤᠳᠠ ᠶᠢᠨ ᠤᠳᠤᠷᠢᠳᠤᠯᠭ᠎ᠠ ᠵᠠᠩ ᠰᠢᠨ᠂ ᠸᠠᠩ ᠢᠦᠢ ᠴᠧᠩ᠂ ᠵᠧᠦ ᠵᠢᠶᠠᠨ ᠫᠢᠩ ᠵᠢᠴᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠭᠤᠣᠯ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠪᠠ︔ ᠬᠤᠩ ᠱᠠ ᠪᠠ ᠪᠠᠯᠭᠠᠰᠤ᠂ ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠮ ᠬᠠᠷᠢᠯᠴᠠᠭᠠᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 4 ᠨᠢᠭᠡᠴᠡ ᠶᠢᠨ ᠭᠤᠣᠯ ᠬᠠᠷᠢᠭᠤᠴᠠᠯᠭᠠᠲᠠᠨ ᠨᠠᠷ ᠲᠣᠰ ᠲᠣᠰ 2024 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ︽ᠨᠢᠭᠡᠳᠦᠭᠡᠷ ᠬᠠᠷᠢᠭᠤᠴᠠᠯᠭᠠᠲᠠᠨ︾ ᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠲᠤᠬᠠᠢ ᠶᠢᠨ ᠲᠠᠯᠠᠪᠤᠷ ᠲᠤ ᠬᠠᠤᠯᠢ ᠶᠢᠨ ᠮᠡᠳᠡᠭᠦᠯᠦᠯᠲᠡ ᠬᠢᠵᠡᠭᠡᠵᠦ᠂ ᠪᠤᠰᠤᠳ ᠨᠢᠭᠡᠴᠡ ᠨᠦᠭᠦᠳ ᠪᠢᠴᠢᠭ ᠤᠨ ᠮᠠᠲ᠋ᠧᠷᠢᠶᠠᠯ ᠲᠤᠰᠢᠶᠠᠪᠠ᠃    ᠯᠢ ᠱᠦ ᠸᠧᠢ ᠬᠠᠤᠯᠢ ᠴᠠᠭᠠᠵᠠ ᠶᠢᠨ ᠡᠲᠡᠭᠡᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠦᠨᠡᠯᠡᠯᠲᠡ ᠬᠢᠵᠦ᠂ ᠡᠭᠦᠨ ᠤ ᠬᠠᠮᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠪᠦᠷᠢᠨᠰᠢᠭᠦᠯᠬᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠪᠠᠷ ᠵᠠᠰᠠᠬᠤ ᠶᠢ ᠠᠬᠢᠭᠤᠯᠬᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠬᠤ᠂ ᠨᠡᠶᠢᠭᠡᠮ ᠤᠨ ᠵᠥᠷᠢᠴᠡᠯ ᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠬᠤ ᠵᠡᠷᠭᠡ ᠵᠢᠷᠭᠤᠭᠠᠨ ᠲᠠᠯ᠎ᠠ ᠠᠴᠠ 2025 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
   ᠯᠢ ᠶᠢᠩ ᠶᠠᠷᠢᠶᠠᠨ ᠳᠠᠭᠠᠨ᠄ ᠨᠠᠮ ᠤᠨ ᠬᠤᠷᠢᠳᠤᠭᠠᠷ ᠤᠳᠠᠭᠠᠨ ᠤ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠨᠢᠭᠡ ᠳᠤ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠠᠤᠯᠢᠵᠢᠯ ᠤᠨ ᠪᠠᠶᠢᠭᠤᠯᠤᠯᠲᠠ ᠶᠢᠨ ᠵᠥᠪ ᠴᠢᠭᠯᠡᠯ ᠢ ᠪᠠᠲᠤ ᠡᠵᠡᠮᠳᠡᠬᠦ ᠬᠡᠷᠡᠭᠲᠡᠢ︔ ᠬᠤᠶᠠᠷ ᠲᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠯ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ︔ ᠭᠤᠷᠪᠠ ᠳᠤ᠂ ᠬᠠᠮᠵᠢᠯᠴᠠᠨ ᠬᠠᠮᠲᠤᠷᠠᠯᠴᠠᠬᠤ ᠶᠢ ᠴᠢᠬᠤᠯᠠᠴᠢᠯᠠᠵᠤ᠂ ᠬᠠᠤᠯᠢᠵᠢᠯ ᠤᠨ ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠭᠦᠢᠴᠡᠳ ᠨᠢᠭᠲᠠᠷᠠᠭᠤᠯᠬᠤ ᠬᠡᠷᠡᠭᠲᠡᠢ︔  ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠤᠬᠠᠮᠰᠠᠷ ᠠᠴᠠ ᠪᠠᠨ ᠨᠠᠮ ᠤᠨ ᠤᠳᠤᠷᠢᠳᠤᠯᠭ᠎ᠠ ᠶᠢ ᠬᠠᠤᠯᠢᠵᠢᠯ ᠤᠨ ᠹᠧᠩᠵᠧᠨ ᠤ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠭᠤᠯᠬᠤ ᠶᠢ ᠪᠠᠲᠤᠯᠠᠬᠤ ᠬᠡᠷᠡᠭᠲᠡᠢ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠢ ᠭᠤᠶᠢᠪᠢᠰᠢ ᠦᠭᠡᠢ ᠰᠠᠶᠢᠲᠤᠷ ᠠᠳᠬᠤᠵᠤ᠂ ᠪᠦᠬᠦ ᠲᠠᠯ᠎ᠠ ᠪᠠᠷ ᠬᠠᠤᠯᠢ ᠪᠠᠷ ᠬᠤᠳᠠ ᠶᠢ ᠵᠠᠰᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃        ᠵᠣᠬᠢᠶᠠᠭᠴᠢ᠄ ᠴᠧᠨ ᠸᠧᠨ ᠵᠢᠶᠧ  ᠰᠢᠤᠸᠠᠨ ᠶᠠᠨ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3