| 1 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠯᠢ ᠶᠢᠩ ᠵᠡᠷᠭᠡ ᠬᠤᠳᠠ ᠶᠢᠨ ᠤᠳᠤᠷᠢᠳᠤᠯᠭ᠎ᠠ | ᠨᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠭᠤᠭ᠎ᠠ ᠭᠠᠵᠠᠷ ᠲᠤ ᠬᠦᠷᠴᠦ᠂ | ᠹᠸᠡᠭᠵᠧᠨ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠤᠳᠠᠭᠠᠨ ᠬᠤᠷᠠᠯᠳᠤᠭᠠᠨ ᠳᠤ ᠣᠷᠣᠯᠴᠠᠭᠰᠠᠨ ᠲᠥᠯᠥᠭᠡᠯᠡᠭᠴᠢᠳ ᠢ ᠪᠤᠯᠭᠤᠭᠠᠨ ᠦᠵᠡᠪᠡ᠃ | | ᠺᠠᠶᠢᠳᠢᠰ ᠸᠠᠩ ᠤᠨ ᠣᠷᠳᠣᠨ ᠤ ᠣᠯᠠᠨ ᠤᠯᠤᠰ ᠤᠨ ᠵᠣᠴᠢᠳ ᠤᠨ ᠪᠠᠭᠤᠳᠠᠯ ᠳᠤ᠂ ᠬᠤᠳᠠ ᠶᠢᠨ ᠨᠠᠮ ᠤᠨ | ᠬᠤᠷᠢᠶᠠᠨ ᠤ ᠱᠦᠵᠢ ᠯᠢ ᠶᠢᠩ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠵᠠᠰᠠᠭ ᠤᠨ | ᠣᠷᠳᠣᠨ ᠤ ᠣᠷᠣᠯᠠᠭᠴᠢ ᠬᠤᠳᠠ ᠶᠢᠨ ᠳᠠᠷᠤᠭ᠎ᠠ ᠯᠢ ᠱᠦ ᠸᠧᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠬᠤᠩ ᠵᠡᠷᠭᠡ ᠬᠤᠳᠠ ᠶᠢᠨ ᠤᠳᠤᠷᠢᠳᠤᠯᠭ᠎ᠠ ᠨᠠᠷ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠠᠭᠤᠳᠠᠯᠯᠠᠭᠰᠠᠨ ᠭᠠᠵᠠᠷ ᠲᠤ ᠬᠦᠷᠴᠦ | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢ ᠡᠷᠬᠢᠨ ᠦᠵᠡᠵᠦ᠂ ᠤᠯᠠᠨ ᠳᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠬᠦ ᠶᠢᠨ ᠬᠠᠮᠲᠤ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠦᠬᠦ ᠬᠤᠳᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠪᠡ᠃ | | | | | | ᠯᠢ ᠶᠢᠩ ᠶᠠᠷᠢᠶᠠᠨ ᠳᠠᠭᠠᠨ ᠲᠣᠰ ᠤᠳᠠᠭᠠᠨ ᠤ ︽ᠬᠤᠶᠠᠷ ᠬᠤᠷᠠᠯ︾ ᠪᠣᠯ ᠪᠥᠬᠦ ᠬᠤᠲᠠ ᠶᠢᠨ ᠠᠷᠠᠳ | ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠴᠢᠬᠤᠯᠠ ᠬᠡᠷᠡᠭ ᠶᠠᠪᠤᠳᠠᠯ ᠪᠠᠶᠢᠵᠤ᠂ ᠲᠥᠯᠥᠭᠡᠯᠡᠭᠴᠢᠳ ᠪᠦᠬᠦ | ᠬᠤᠳᠠ ᠶᠢᠨ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠡᠭᠦᠷᠭᠡᠯᠡᠵᠦ᠂ ᠠᠳᠡ ᠴᠤᠭᠯᠠᠷᠠᠨ | ᠹᠧᠩᠵᠧᠨ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠦᠪᠯᠡᠨ᠂ | ᠬᠤᠷᠠᠯ ᠤᠨ ᠬᠤᠭᠤᠴᠠᠭᠠᠨ ᠳᠤ ᠤᠶᠤᠨ ᠴᠢᠳᠠᠯ ᠢᠶᠠᠨ ᠲᠥᠪᠯᠡᠷᠡᠭᠦᠯᠦᠨ ᠠᠷᠠᠳᠴᠢᠯᠠᠯ ᠤᠨ ᠡᠷᠬᠡ ᠪᠠᠨ ᠭᠦᠢᠴᠡᠳ | ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠶᠡᠭᠡ | ᠬᠤᠷᠠᠯ ᠤᠨ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠶᠡᠭᠡ ᠬᠤᠷᠠᠯ ᠤᠨ | ᠵᠢᠱᠢᠭᠰᠡᠨ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠹᠧᠩᠵᠧᠨ ᠬᠤᠳᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠪᠠ ᠤᠶᠤᠨ ᠤᠬᠠᠭᠠᠨ ᠢᠶᠠᠨ ᠡᠷᠭᠦᠬᠦ ᠶᠢ ᠬᠦᠰᠡᠮᠵᠢᠯᠡᠪᠡ᠃ | | | | | ᠵᠣᠬᠢᠶᠠᠭᠴᠢ᠄ ᠴᠧᠨ ᠸᠧᠨ ᠵᠢᠶᠧ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |